ᠵᠠᠰᠠᠭ ᠠᠯᠪᠠᠨ ᠦᠰᠦᠭ ﹇2020﹈ 31 ᠳ᠋ᠦ᠋ᠭᠡᠷ ᠲᠣᠭᠠᠲᠤ | ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠡ᠄ | ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠨ | ᠬᠤᠯᠪᠣᠭᠠᠯᠠᠭᠰᠠᠨ ︿ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ | ᠶᠣᠰᠣᠭᠠᠷ᠂ ᠡᠯ᠎ᠡ ᠨᠢᠭᠡᠴᠡ ᠶᠢᠨ ᠠᠵᠢᠯ ᠤᠨ ᠠᠬᠢᠴᠠ ᠶᠢᠨ ᠪᠠᠶᠢᠳᠠᠯ ᠲᠠᠢ ᠤᠶᠠᠯᠳᠤᠭᠤᠯᠤᠨ᠂ ᠡᠳᠦᠭᠡ ᠬᠠᠮᠢᠶ᠎ᠠ | ᠪᠥᠬᠦᠶ ᠪᠠᠶᠢᠳᠠᠯ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠭᠰᠠᠨ ᠪᠠᠶᠢᠳᠠᠯ | 9 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ | ᠵᠠᠩᠭᠢ ᠶᠢ ᠨᠡᠶᠢᠲᠡ 1221 ᠵᠤᠷᠪᠤᠰ ᠴᠤᠭᠯᠠᠭᠤᠯᠪᠠ᠃ ᠡᠭᠦᠨ ᠳᠤ᠄ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ 1012 ᠵᠦᠢᠯ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ 1 ᠵᠦᠢᠯ᠂ ᠰᠣᠶᠣᠯ ᠵᠢᠭᠤᠯᠴᠢᠯᠠᠯ ᠤᠨ ᠲᠣᠪᠴᠢᠶ᠎ᠠ 1 ᠵᠦᠢᠯ᠂ ᠠᠮᠢ ᠠᠬᠤᠶ ᠶᠢᠨ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ 80 ᠵᠦᠢᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ 76 ᠵᠦᠢᠯ᠂ | ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ 50 ᠵᠦᠢᠯ᠂ ᠰᠤᠷᠭᠠᠨ ᠬᠥᠮᠦᠵᠢᠯ ᠪᠠ ᠪᠡᠶ᠎ᠡ ᠶᠢᠨ ᠲᠠᠮᠢᠷ ᠤᠨ | ᠲᠣᠪᠴᠢᠶ᠎ᠠ 1 ᠵᠦᠢᠯ ᠪᠣᠶ︔ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ ᠶᠢ ᠨᠡᠶᠢᠲᠡ 977 ᠵᠦᠢᠯ | ᠴᠤᠭᠯᠠᠭᠤᠯᠪᠠ᠂ ᠡᠭᠦᠨ ᠳᠤ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 581 ᠵᠦᠢᠯ᠂ | ᠰᠣᠶᠣᠯ ᠵᠢᠭᠤᠯᠴᠢᠯᠠᠯ ᠤᠨ ᠲᠣᠪᠴᠢᠶ᠎ᠠ 4 ᠵᠦᠢᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ 273 ᠵᠦᠢᠯ᠂ ᠲᠠᠮᠠᠬᠢ | ᠲᠤᠰᠬᠠᠶ ᠬᠤᠳᠠᠯᠳᠤᠬᠤ ᠲᠣᠪᠴᠢᠶ᠎ᠠ 57 ᠵᠦᠢᠯ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ 60 | ᠵᠦᠢᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 2 ᠵᠦᠢᠯ ᠪᠣᠶ᠃ | ᠬᠤᠶᠠᠷ᠂ ᠬᠤᠶᠠᠷ ᠢ ᠲᠠᠰᠢᠷᠠᠮ ᠤᠨ ᠠᠵᠢᠯ ᠢ ᠥᠷᠨᠢᠭᠦᠯᠦᠭᠰᠡᠨ ᠪᠠᠶᠢᠳᠠᠯ | ︵ᠨᠢᠭᠡ︶ ᠪᠠᠶᠢᠴᠠᠭᠠᠬᠤ ᠡᠭᠦᠷᠭᠡ ᠶᠢ ᠲᠣᠭᠲᠠᠭᠠᠵᠤ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠲᠤᠰ ᠵᠢᠯ ᠳᠤ | ᠪᠦᠬᠦ ᠰᠢᠶᠠᠨ ᠢᠶᠠᠷ ᠢᠶᠠᠨ ᠲᠤᠰ ᠰᠠᠯᠠᠭ᠎ᠠ ᠮᠥᠴᠢᠷ ᠤᠨ ᠪᠠᠶᠢᠴᠠᠭᠠᠬᠤ ᠡᠭᠦᠷᠭᠡ ᠶᠢ 90 ᠵᠦᠢᠯ ᠲᠣᠭᠲᠠᠭᠠᠪᠠ᠂ | ᠡᠭᠦᠨ ᠳᠤ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 12 ᠵᠦᠢᠯ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ 3 ᠵᠦᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ 1 | ᠵᠦᠢᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ 6 ᠵᠦᠢᠯ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ 7 ᠵᠦᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 1 | ᠵᠦᠢᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 4 ᠵᠦᠢᠯ᠂ ᠲᠠᠷᠢᠶᠠᠯᠠᠩ ᠮᠠᠯ ᠠᠵᠤ ᠠᠬᠤᠶ | ᠰᠠᠯᠠᠭ᠎ᠠ ᠮᠥᠴᠢᠷ ᠠᠯᠤᠰᠯᠠᠭᠰᠠᠨ ᠪᠠᠶᠢᠴᠠᠭᠠᠯᠲᠠ ᠶᠢᠨ ᠡᠭᠦᠷᠭᠡ 53 ᠵᠦᠢᠯ᠂ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ 1 ᠵᠦᠢᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ 1 ᠵᠦᠢᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ 1 ᠵᠦᠢᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ 1 | ᠵᠦᠢᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ 1 ᠵᠦᠢᠯ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 10 ᠵᠦᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 1 ᠵᠦᠢᠯ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ 2 | ᠵᠦᠢᠯ᠂ ᠲᠤᠭ᠎ᠠ ᠪᠦᠷᠢᠳᠬᠡᠯ ᠤᠨ ᠲᠣᠪᠴᠢᠶ᠎ᠠ ᠶᠢᠨ 1 ᠵᠦᠢᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠶᠢᠨ 1 ᠵᠦᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 2 ᠵᠦᠢᠯ᠂ ᠭᠠᠯ ᠤᠨᠲᠠᠷᠠᠭᠠᠵᠤ | ᠠᠪᠤᠷᠠᠨ ᠲᠤᠰᠠᠯᠠᠬᠤ ᠶᠡᠭᠡ ᠠᠩᠭᠢ ᠶᠢᠨ 2 ᠵᠦᠢᠯ᠂ ᠪᠤᠰᠤᠳ ᠰᠠᠯᠠᠭ᠎ᠠ ᠮᠥᠴᠢᠷ ᠪᠠᠶᠢᠴᠠᠭᠠᠬᠤ ᠡᠭᠦᠷᠭᠡ ᠪᠠᠨ | ᠲᠣᠭᠲᠠᠭᠠᠭᠰᠠᠨ ᠥᠬᠡᠶ︔ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠰᠤᠭᠤᠴᠢᠨ ᠪᠠᠶᠢᠴᠠᠭᠠᠬᠤ ᠡᠭᠦᠷᠭᠡ ᠶᠢ | ᠭᠦᠢᠴᠡᠳᠬᠡᠭᠰᠡᠨ ᠥᠬᠡᠶ︔ ᠡᠭᠦᠨ ᠳᠤ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 21 | ᠵᠦᠢᠯ᠂ ᠪᠤᠰᠤᠳ ᠰᠠᠯᠠᠭ᠎ᠠ ᠮᠥᠴᠢᠷ ᠳᠡᠭᠡᠳᠦ ᠱᠠᠲᠤᠨ ᠤ ᠰᠤᠭᠤᠴᠢᠨ ᠪᠠᠶᠢᠴᠠᠭᠠᠬᠤ ᠡᠭᠦᠷᠭᠡ ᠶᠢ ᠭᠦᠢᠴᠡᠳᠬᠡᠭᠰᠡᠨ | ᠥᠬᠡᠶ᠃ | ︵ᠬᠤᠶᠠᠷ︶ ᠰᠣᠩᠭᠤᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ᠃ 9 ᠰᠠᠷ᠎ᠠ ᠶᠢᠨ ᠰᠡᠭᠦᠯᠴᠢ ᠪᠣᠯᠲᠠᠯ᠎ᠠ᠂ | ᠪᠦᠬᠦ ᠰᠢᠶᠠᠨ ᠢᠶᠠᠷ ᠢᠶᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ 790 ᠵᠤᠷᠪᠤᠰ | ᠲᠣᠭᠲᠠᠭᠠᠨ᠎ᠠ᠃ ᠡᠭᠦᠨ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 434 ᠵᠦᠢᠯ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 7 ᠵᠦᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ 1 ᠵᠦᠢᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 15 ᠵᠦᠢᠯ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 209 ᠵᠦᠢᠯ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 8 ᠵᠦᠢᠯ᠂ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ 5 ᠵᠦᠢᠯ᠂ ᠰᠣᠶᠣᠯ ᠵᠢᠭᠤᠯᠴᠢᠯᠠᠯ ᠤᠨ ᠲᠣᠪᠴᠢᠶ᠎ᠠ 85 ᠵᠦᠢᠯ᠂ ᠠᠮᠢ ᠠᠬᠤᠶ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ 25 ᠵᠦᠢᠯ᠂ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ 1 ᠪᠣᠶ᠃ | ᠭᠤᠷᠪᠠ᠂ ᠣᠷᠣᠰᠢᠵᠤ ᠪᠠᠶᠢᠭ᠎ᠠ ᠭᠤᠤᠯ ᠠᠰᠠᠭᠤᠳᠠᠯ | 1. ᠴᠢᠬᠤᠯᠠᠴᠢᠯᠠᠬᠤ ᠬᠡᠮᠵᠢᠶ᠎ᠡ ᠨᠢ ᠬᠦᠷᠦᠯᠴᠡᠬᠦ ᠦᠭᠡᠶ ᠪᠠᠶᠢᠨ᠎ᠠ᠃ ᠣᠯᠠᠩᠬᠢ ᠰᠠᠯᠠᠭ᠎ᠠ ᠮᠥᠴᠢᠷ ᠤᠳ ︽ | ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠵᠢᠯ ᠤᠨ ᠲᠤᠬᠠᠶ ᠲᠠᠨᠢᠯᠲᠠ ᠶᠢ ᠪᠣᠳᠠᠲᠠᠶᠢᠵᠢᠭᠤᠯᠤᠭᠰᠠᠨ | ᠥᠬᠡᠶ᠂ ᠰᠢᠶᠠᠨ ᠤ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠨ ᠬᠤᠯᠪᠣᠭᠠᠯᠠᠭᠰᠠᠨ ︿ᠬᠤᠶᠠᠷ ᠢ ᠰᠤᠭᠤᠴᠢᠵᠤ᠂ | ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ︾ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ | ᠰᠤᠳᠤᠯᠭᠠᠨ ᠨᠢ ᠨᠠᠷᠢᠨ ᠲᠣᠳᠣᠷᠬᠠᠶ ᠥᠬᠡᠶ᠂ ᠬᠠᠮᠢᠶ᠎ᠠ ᠪᠥᠬᠦᠶ ᠠᠵᠢᠯ ᠢ ᠨᠠᠩ ᠭᠦᠨ ᠲᠠᠰ ᠳᠠᠪᠬᠤᠷᠭ᠎ᠠ ᠪᠠᠷ | ᠥᠷᠨᠢᠭᠦᠯᠵᠦ ᠪᠣᠯᠬᠤ ᠥᠬᠡᠶ᠂ ᠪᠥᠬᠦ ᠰᠢᠶᠠᠨ ᠤ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ | ᠠᠵᠢᠯ ᠤᠨ ᠰᠤᠭᠤᠴᠢᠨ ᠪᠠᠶᠢᠴᠠᠭᠠᠬᠤ ᠶᠢᠨ ᠬᠠᠮᠤᠷᠬᠤ ᠬᠦᠷᠢᠶ᠎ᠡ ᠶᠢ ᠰᠢᠭᠤᠳ ᠨᠥᠯᠥᠭᠡᠯᠡᠭᠰᠡᠨ ᠪᠠᠶᠢᠨ᠎ᠠ᠃ | 2. ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠳᠤ ᠪᠠᠨ ᠬᠦᠷᠲᠡᠵᠦ ᠴᠢᠳᠠᠬᠤ ᠦᠭᠡᠢ᠃ ᠡᠯ᠎ᠡ | ᠨᠢᠭᠡᠴᠡ ᠨᠦᠭᠦᠳ ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠵᠢᠯ ᠤᠨ ᠲᠠᠨᠢᠯᠲᠠ ᠶᠢ | ᠪᠣᠳᠠᠲᠠᠶᠢᠵᠢᠭᠤᠯᠤᠭᠰᠠᠨ ᠥᠬᠡᠶ᠂ ᠪᠣᠳᠠᠲᠠᠶ ᠠᠵᠢᠯᠯᠠᠬᠤ ᠬᠥᠮᠦᠰ ᠤᠨ ᠵᠢᠭᠠᠨ ᠲᠣᠭᠲᠠᠭᠠᠭᠰᠠᠨ ︽ᠬᠡᠵᠢᠶ᠎ᠡ ᠬᠡᠷᠡᠭᠯᠡᠪᠡᠯ | ᠲᠡᠳᠣᠢ ᠠᠳᠬᠤᠬᠤ︾ ᠦᠵᠡᠭᠳᠡᠯ ᠠᠴᠠ ᠪᠣᠯᠤᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ | ᠰᠢᠳᠭᠡᠯ ᠲᠣᠷᠭᠠᠭᠤᠯᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠢᠯᠡ ᠨᠡᠶᠢᠲᠡᠯᠡᠭᠰᠡᠨ ᠥᠬᠡᠶ᠂ | ᠬᠠᠮᠵᠢᠯᠴᠠᠨ ᠬᠢᠨᠠᠨ ᠬᠠᠮᠢᠶᠠᠷᠬᠤ ᠠᠵᠢᠯ ᠢ ᠤᠳᠠᠭᠠᠰᠢᠷᠠᠭᠤᠯᠪᠠ᠃ | ᠳᠥᠷᠪᠡ᠂ ᠲᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ | 1. ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠤ ᠰᠡᠳᠬᠢᠯᠭᠡ ᠶᠢ ᠴᠢᠩᠭᠠᠷᠠᠭᠤᠯᠵᠤ᠂ ᠲᠣᠰ ᠨᠢᠭᠡᠴᠡ᠂ | ᠲᠣᠰ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠶᠣᠰᠣᠭᠠᠷ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ | ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ | ᠭᠦᠨᠵᠡᠭᠡᠶᠢᠷᠡᠭᠦᠯᠬᠦ ᠬᠡᠷᠡᠭᠲᠡᠶ᠃ ᠡᠭᠦᠨ ᠤ ᠬᠠᠮᠲᠤ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠰᠢᠶᠠᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ | ᠴᠢᠩᠭᠠᠳᠬᠠᠵᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠴᠢᠷᠮᠠᠶᠢᠨ ᠪᠣᠶ ᠪᠣᠯᠭᠠᠵᠤ᠂ ᠬᠢᠨᠠᠯᠲᠠ ᠬᠠᠮᠢᠶᠠᠷᠤᠯᠲᠠ ᠶᠢᠨ | ᠬᠦᠷᠢᠶ᠎ᠡ ᠴᠠᠷᠠᠭ᠎ᠠ ᠶᠢ ᠨᠡᠶᠢᠳᠡᠮ ᠪᠦᠷᠬᠦᠭᠦᠯᠵᠦ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠶᠢ | ᠪᠠᠶᠢᠩᠭᠤᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | 2. ᠡᠯ᠎ᠡ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠠᠯᠤᠰᠯᠠᠨ ᠬᠠᠮᠲᠤᠷᠠᠨ ᠰᠤᠭᠤᠴᠢᠨ ᠪᠠᠶᠢᠴᠠᠭᠠᠬᠤ | ᠡᠭᠦᠷᠭᠡ ᠪᠠᠨ ᠨᠡᠮᠡᠭᠳᠡᠭᠦᠯᠵᠦ᠂ ᠵᠢᠯ ᠤᠨ ᠡᠴᠦᠰ ᠲᠤ ᠰᠠᠯᠠᠭ᠎ᠠ ᠮᠥᠴᠢᠷ ᠨᠢᠭᠡᠪᠦᠷᠢ ᠳᠤ 3 ᠤᠳᠠᠭᠠᠨ ᠤ ᠬᠠᠮᠲᠤᠷᠠᠨ | ᠰᠤᠭᠤᠴᠢᠨ ᠪᠠᠶᠢᠴᠠᠭᠠᠵᠤ ᠪᠣᠯᠬᠤ ᠦᠭᠡᠢ᠂ ᠡᠭᠦᠨ ᠳᠤ ᠠᠳᠠᠭ ᠲᠠᠭᠠᠨ ᠨᠢᠭᠡ ᠤᠳᠠᠭ᠎ᠠ 2 ᠰᠠᠯᠠᠭ᠎ᠠ ᠮᠥᠴᠢᠷ ᠠᠴᠠ | ᠳᠡᠭᠡᠭᠰᠢᠬᠢ ᠬᠠᠮᠲᠤᠷᠠᠭᠰᠠᠨ ᠪᠠᠶᠢᠴᠠᠭᠠᠯᠲᠠ ᠶᠢᠨ ᠡᠭᠦᠷᠭᠡ ᠶᠢ ᠲᠣᠭᠲᠠᠭᠠᠵᠤ᠂ ᠬᠤᠯᠪᠣᠭᠠᠯᠠᠭᠰᠠᠨ ᠰᠠᠯᠠᠭ᠎ᠠ | ᠮᠥᠴᠢᠷ ᠤᠳ ᠤᠯᠠᠮ ᠠᠷᠪᠢᠨ ᠪᠣᠯ ᠲᠡᠳᠦᠶ ᠰᠠᠶᠢᠨ ᠪᠣᠯᠤᠨ᠎ᠠ᠃ ᠤᠳᠠᠭ᠎ᠠ ᠪᠦᠷᠢ ᠶᠢᠨ ᠰᠤᠭᠤᠴᠢᠨ ᠪᠠᠶᠢᠴᠠᠭᠠᠬᠤ | ᠡᠭᠦᠷᠭᠡ ᠶᠢᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ 2 ᠵᠦᠢᠯ ᠠᠴᠠ ᠳᠣᠣᠷ᠎ᠠ ᠪᠠᠶᠢᠯᠭᠠᠵᠤ | ᠪᠣᠯᠬᠤ ᠦᠭᠡᠢ᠃ | ᠡᠯ᠎ᠡ ᠨᠢᠭᠡᠴᠡ ᠨᠦᠭᠦᠳ ᠲᠤᠰᠬᠠᠶ ᠬᠥᠮᠦᠨ ᠵᠢᠭᠠᠨ ᠲᠣᠭᠲᠠᠭᠠᠵᠤ ᠬᠠᠷᠢᠭᠤᠴᠠᠭᠤᠯᠬᠤ ᠬᠡᠷᠡᠭᠲᠡᠶ᠃ ︽ᠬᠤᠶᠠᠷ | ᠬᠥᠮᠥᠷᠭᠡ ᠨᠢᠭᠡ ᠬᠠᠭᠤᠳᠠᠰᠤ︾ ᠪᠠᠶᠢᠭᠤᠯᠤᠭᠠᠳᠤᠶ ᠨᠢᠭᠡᠴᠡ ᠲᠣᠰ ᠰᠠᠯᠠᠭ᠎ᠠ ᠮᠥᠴᠢᠷ ᠤᠨ ᠡᠭᠦᠷᠭᠡ | ᠴᠢᠳᠠᠪᠤᠷᠢ ᠲᠠᠢ ᠪᠠᠨ ᠤᠶᠠᠯᠳᠤᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠥᠷᠭᠡ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠬᠥᠮᠥᠷᠭᠡ ᠵᠢᠴᠢ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠲᠦᠷᠭᠡᠬᠡᠨ | ᠲᠡᠭᠦᠯᠳᠡᠷᠵᠢᠭᠦᠯᠵᠦ᠂ ᠰᠤᠭᠤᠴᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠬᠦ ᠶᠢ ᠰᠠᠨᠠᠭᠤᠯᠪᠠ᠃ ᠬᠡᠷᠪᠡ ᠰᠦᠯᠵᠢᠶ᠎ᠡ | ᠰᠠᠭᠠᠳ ᠥᠬᠡᠶ ᠨᠡᠪᠲᠡᠷᠡᠬᠦ ᠥᠬᠡᠶ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠵᠠᠰᠠᠭ ᠤᠨ ᠣᠷᠳᠣᠨ ᠤ | ᠠᠯᠪᠠᠨ ᠬᠡᠷ ᠪᠤᠶᠤ ᠨᠢᠭᠡᠳᠦᠮᠡᠯ ᠬᠤᠯᠪᠣᠭ᠎ᠠ ᠶᠢᠨ ᠺᠣᠮᠫᠠᠨᠢ ᠯᠤᠭ᠎ᠠ ᠬᠠᠷᠢᠯᠴᠠᠵᠤ᠂ ᠲᠣᠤᠷ ᠰᠦᠯᠵᠢᠶ᠎ᠡ ᠰᠠᠭᠠᠳ | ᠥᠬᠡᠶ ᠠᠴᠠ ᠪᠣᠯᠵᠣ ᠠᠵᠢᠯ ᠢᠶᠠᠨ ᠤᠳᠠᠭᠠᠰᠢᠷᠠᠭᠤᠯᠬᠤ ᠠᠴᠠ ᠵᠠᠶᠢᠯᠠᠰᠬᠢᠨ᠎ᠡ᠃ | | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ᠣᠷᠴᠢᠭᠤᠯᠤᠭᠴᠢ᠄ ᠭᠠᠩᠭ᠎ᠠ | |