︽ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ | ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ ᠶᠢᠨ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠪᠠᠯᠠ | ᠣᠷᠣᠭᠤᠯᠤᠯᠲᠠ ﹇2012﹈ 2492 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠴᠢᠬᠤᠯᠠ ᠶᠡᠭᠡ ᠵᠦᠶ᠋ᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ | ᠠᠵᠢᠯ ᠤᠨ ᠠᠵᠢᠯᠯᠠᠭᠠᠨ ᠤ ᠲᠦᠷᠢᠮ ︵ᠲᠤᠷᠰᠢᠨ ᠬᠡᠷᠡᠭᠵᠢᠭᠦᠯᠬᠦ︶︾ ︵ᠥᠪᠥᠷ ᠲᠣᠭᠲᠠᠭᠤᠨ ᠲᠠᠷᠬᠠᠭᠠᠭᠰᠠᠨ︶ ﹇ | 2016﹈ 1 ᠳ᠋ᠦ᠋ᠭᠡᠷ ᠲᠣᠭᠠᠲᠤ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠰᠢᠶ᠋ᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠬᠡᠷᠡᠭᠵᠢᠭᠦᠯᠬᠦ | ᠠᠷᠭ᠎ᠠ︾ ︵ᠥᠪᠥᠷ ᠨᠠᠮ ᠠᠯᠪᠠᠨ ᠲᠠᠷᠬᠠᠭᠠᠭᠰᠠᠨ ﹇2021﹈ 7 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠥᠷᠥᠯ ᠵᠦᠶ᠋ᠯ ᠤᠨ ᠦᠨᠡᠯᠡᠨ ᠵᠢᠱᠢᠬᠦ ᠭᠤᠤᠯ ᠴᠣᠭᠴᠠ ᠨᠢ ︽ | ᠭᠤᠷᠪᠠᠳᠠᠬᠢ ᠡᠲᠡᠭᠡᠳ︾ ᠤᠨ ᠦᠨᠡᠯᠡᠨ ᠵᠢᠱᠢᠬᠦ ᠨᠢᠭᠡᠴᠢ ᠳᠤ ᠨᠠᠶᠢᠳᠠᠵᠤ ᠲᠣᠰ ᠢᠨᠵᠧᠨᠧᠷᠢᠩ ᠤᠨ ᠨᠡᠶᠢᠭᠡᠮ ᠤᠨ | ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠶᠢ ᠪᠡᠶᠡᠯᠡᠭᠦᠯᠵᠦ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ | ᠢᠯᠡ ᠨᠡᠶᠢᠲᠡᠯᠡᠪᠡ᠃ | ᠨᠢᠭᠡ᠂ ᠲᠥᠷᠥᠯ ᠵᠦᠢᠯ ᠤᠨ ᠦᠨᠳᠦᠰᠦᠨ ᠪᠠᠶᠢᠳᠠᠯ | 1. ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠷᠡᠶᠢᠳᠦᠯ | ᠬᠤᠸᠠᠳᠧ ᠰᠢᠶᠠᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠲᠠᠯᠠᠪᠠᠢ ᠶᠢᠨ | ᠲᠦᠷᠦᠯ ᠵᠦᠢᠯ | 2. ᠪᠦᠲᠦᠭᠡᠨ ᠪᠠᠶᠢᠭᠤᠯᠤᠯᠲᠠ ᠶᠢᠨ ᠭᠠᠵᠠᠷ | ᠬᠤᠸᠠᠳᠧ ᠰᠢᠶᠠᠨ ᠤ ᠴᠠᠩᠱᠦ᠋ᠨ ᠪᠠᠯᠭᠠᠰᠤᠨ ᠤ ᠰᠠᠨ ᠱᠧᠩ ᠲᠣᠰᠬᠤᠨ ᠤ ᠤᠯᠤᠰ ᠠᠴᠠ ᠡᠵᠡᠩᠨᠡᠭᠰᠡᠨ | ᠡᠭᠦᠯᠳᠡᠷ ᠤᠨ ᠬᠤᠨᠢᠨ ᠤ ᠲᠠᠯᠠᠪᠠᠢ | 3. ᠲᠥᠷᠥᠯ ᠵᠦᠢᠯ ᠤᠨ ᠨᠢᠭᠡᠴᠡ | ᠬᠤᠸᠠᠳᠧ ᠰᠢᠶᠠᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ | ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ | 4. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠦᠢᠮᠣ ᠪᠠᠶᠢᠳᠠᠯ | ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠄ ᠰᠢᠨ᠎ᠡ ᠪᠠᠷ ᠪᠠᠶᠢᠭᠤᠯᠤᠭᠰᠠᠨ ᠡᠳᠦᠷ ᠲᠤ 5500 ᠲᠣᠨ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠤᠯᠠᠯᠲᠠ ᠶᠢᠨ ᠲᠠᠯᠠᠪᠤᠷ᠃ ᠲᠥᠷᠥᠯ | ᠵᠦᠢᠯ ᠤᠨ ᠶᠡᠷᠦᠩᠬᠡᠶ ᠪᠤᠯᠠᠬᠤ ᠪᠠᠭᠲᠠᠭᠠᠮᠵᠢ ᠨᠢ 800 ᠲᠦᠮᠡᠨ ᠪᠣᠰᠤᠭ᠎ᠠ ᠳᠥᠷᠪᠡᠯᠵᠢᠨ ᠮᠧᠳ᠋ᠷ᠂ 2 ᠪᠤᠯᠠᠬᠤ | ᠣᠷᠣᠨ᠂ ᠭᠠᠭᠴᠠ ᠣᠷᠣᠨ ᠤ ᠴᠥᠭᠦᠷᠥᠮ ᠤᠨ ᠪᠠᠭᠲᠠᠭᠠᠮᠵᠢ ᠨᠢ 400 ᠲᠦᠮᠡᠨ ᠪᠣᠰᠤᠭ᠎ᠠ ᠳᠥᠷᠪᠡᠯᠵᠢᠨ ᠮᠧᠳ᠋ᠷ᠂ | ᠲᠥᠷᠥᠯ ᠵᠦᠢᠯ ᠤᠨ ᠰᠢᠢᠳᠪᠦᠷᠢᠯᠡᠬᠦ ᠦᠢᠯᠡᠴᠢᠯᠡᠭᠡᠨ ᠤ ᠬᠤᠭᠤᠴᠠᠭ᠎ᠠ ᠨᠢ 8 ᠵᠢᠯ ᠪᠣᠯᠤᠨ᠎ᠠ᠃ | ᠪᠥᠲᠥᠭᠡᠨ ᠪᠠᠶᠢᠭᠤᠯᠬᠤ ᠠᠭᠤᠯᠭ᠎ᠠ᠄ ᠲᠥᠷᠥᠯ ᠵᠦᠢᠯ ᠤᠨ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠨᠢ 300 | ᠮᠥ ᠪᠠᠶᠢᠵᠤ᠂ ᠭᠤᠤᠯ ᠪᠣᠯᠬᠤ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠰᠢᠷᠣᠢ ᠶᠢᠨ ᠪᠠᠷᠢᠯᠭ᠎ᠠ ᠶᠢᠨ 212. | 75 ᠲᠦᠮᠡᠨ ᠪᠣᠰᠤᠭ᠎ᠠ ᠳᠥᠷᠪᠡᠯᠵᠢᠨ ᠮᠧᠳ᠋ᠷ᠂ ᠬᠠᠵᠠᠭᠤ ᠶᠢᠨ ᠪᠠᠷᠢᠯᠭ᠎ᠠ ᠶᠢᠨ 61580 ᠲᠡᠭᠰᠢ ᠳᠥᠷᠪᠡᠯᠵᠢᠨ | ᠮᠧᠳ᠋ᠷ᠂ ᠪᠣᠬᠢᠷ ᠬᠠᠰᠢᠯᠭ᠎ᠠ 1᠂ ᠪᠤᠯᠠᠬᠤ ᠲᠠᠯᠠᠪᠠᠶ ᠶᠢᠨ ᠡᠯ᠎ᠡ ᠨᠢᠭᠡᠴᠢ ᠶᠢᠨ ᠨᠡᠪᠴᠢᠬᠦ ᠶᠢ ᠰᠡᠷᠭᠡᠶᠢᠯᠡᠬᠦ ᠰᠢᠰᠲ᠋ᠧᠮ 1 | ᠢᠵᠢ᠂ ᠭᠠᠵᠠᠷ ᠳᠣᠤᠷᠠᠬᠢ ᠤᠰᠤᠨ ᠤ ᠤᠰᠤ ᠵᠠᠯᠠᠬᠤ ᠰᠢᠰᠲ᠋ᠧᠮ 1 ᠢᠵᠢ᠂ ᠰᠢᠮᠡᠳᠦᠨ ᠱᠦᠭᠦᠬᠦ ᠰᠢᠩᠭᠡᠨ ᠢ | ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠰᠢᠰᠲ᠋ᠧᠮ 1 ᠢᠵᠢ᠂ ᠪᠤᠯᠠᠬᠤ ᠲᠠᠯᠠᠪᠠᠶ ᠶᠢᠨ ᠪᠣᠷᠣᠭᠠᠨ ᠢ ᠰᠡᠷᠭᠡᠶᠢᠯᠡᠬᠦ | ᠠᠷᠭ᠎ᠠ ᠬᠡᠮᠵᠢᠶ᠎ᠡ ᠵᠢᠴᠢ ᠤᠰᠤ ᠵᠠᠯᠠᠬᠤ ᠰᠢᠰᠲ᠋ᠧᠮ 1 ᠢᠵᠢ᠂ ᠲᠠᠯᠠᠪᠤᠷ ᠲᠣᠭᠤᠷᠢᠭ ᠤᠨ ᠵᠠᠮ 1.78 ᠺᠢᠯᠣᠮᠧᠳ᠋ᠷ᠂ | ᠬᠠᠮᠤᠭ ᠡᠴᠦᠰ ᠤᠨ ᠪᠦᠷᠬᠦᠭᠰᠡᠨ ᠳᠠᠪᠬᠤᠷᠭ᠎ᠠ ᠶᠢᠨ ᠰᠢᠰᠲ᠋ᠧᠮ ᠪᠠ ᠠᠮᠢ ᠠᠬᠤᠶ ᠶᠢ ᠰᠡᠷᠭᠦᠭᠡᠬᠦ ᠵᠡᠷᠭᠡ ᠢᠨᠵᠧᠨᠧᠷᠢᠩ | ᠪᠣᠶ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠨᠢ 12 ᠰᠠᠷ᠎ᠠ ᠪᠠᠶᠢᠵᠤ᠂ ᠶᠡᠷᠦᠩᠬᠡᠢ ᠪᠡᠯᠡ | ᠣᠷᠣᠭᠤᠯᠤᠯᠲᠠ ᠨᠢ 7000 ᠲᠦᠮᠡᠨ ᠲᠥᠭᠦᠷᠢᠭ ᠪᠠᠶᠢᠵᠤ᠂ ᠪᠡᠯᠡ ᠮᠥᠩᠭᠦ ᠶᠢᠨ ᠢᠷᠡᠯᠲᠡ ᠨᠢ ᠠᠵᠤ ᠠᠬᠤᠶᠢᠯᠠᠯ | ᠥᠪᠡᠷᠲᠡᠭᠡᠨ ᠴᠤᠭᠯᠠᠭᠤᠯᠤᠨ᠎ᠠ᠃ | ᠬᠤᠶᠠᠷ᠂ ᠠᠰᠠᠭᠤᠨ ᠯᠠᠪᠯᠠᠬᠤ ᠵᠦᠢᠯᠡᠰ | ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠄ ᠲᠠ ᠲᠤᠰ ᠵᠦᠢᠯᠡᠰ ᠢ ᠬᠡᠷᠡᠭᠵᠢᠭᠦᠯᠬᠦ ᠳᠤ ᠶᠠᠮᠠᠷ | ᠰᠠᠨᠠᠭᠤᠯᠭ᠎ᠠ ᠪᠠ ᠰᠠᠨᠠᠯ ᠪᠠᠶᠢᠬᠤ ᠪᠣᠢ᠃ | ᠭᠤᠷᠪᠠ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠠᠷᠢᠭᠤ ᠲᠤᠰᠬᠠᠬᠤ ᠠᠷᠭ᠎ᠠ ᠵᠠᠮ᠂ ᠠᠷᠭ᠎ᠠ ᠮᠠᠶ᠋ᠢᠭ ᠵᠢᠴᠢ | ᠬᠤᠭᠤᠴᠠᠭ᠎ᠠ ᠬᠢᠵᠠᠭᠠᠷ | 1᠃ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠠᠷᠢᠭᠤ ᠲᠤᠰᠬᠠᠬᠤ ᠠᠷᠭ᠎ᠠ ᠵᠠᠮ | ᠬᠠᠷᠢᠯᠴᠠᠬᠤ ᠬᠥᠮᠦᠨ᠄ ᠢᠦᠶ ᠬᠠᠶ ᠯᠦᠩ ᠬᠠᠷᠢᠯᠴᠠᠬᠤ ᠤᠲᠠᠰᠤ᠄ 15352877603 | ᠢᠮᠧᠯ᠄ 1402779074@qq. com | 2᠃ ᠣᠯᠠᠨ ᠳᠦᠮᠠᠨ ᠤ ᠰᠠᠨᠠᠯ ᠰᠠᠨᠠᠭᠤᠯᠭ᠎ᠠ ᠶᠢ ᠳᠣᠰᠬᠠᠬᠤ ᠬᠡᠯᠪᠠᠷᠢ | ᠣᠯᠠᠨ ᠲᠦᠮᠡᠨ ᠢᠮᠧᠢᠯ᠂ ᠳ᠋ᠢᠶᠠᠩᠬᠤᠸᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠯᠴᠠᠭ᠎ᠠ ᠭᠥᠷᠳᠡᠵᠦ᠂ | ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ︵ᠪᠤᠶᠤ ᠨᠡᠶᠢᠲᠡᠯᠡᠬᠦ ᠪᠠᠷ ᠪᠠᠶᠢᠭ᠎ᠠ ᠲᠥᠷᠥ ᠶᠢᠨ ᠪᠣᠳᠣᠯᠭ᠎ᠠ ᠮᠥᠨ︶ ᠤᠨ | ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠰᠠᠨᠠᠯ ᠵᠢᠴᠢ ᠰᠠᠨᠠᠭᠤᠯᠭ᠎ᠠ ᠵᠢᠴᠢ ᠪᠤᠰᠤᠳ ᠬᠠᠮᠢᠶ᠎ᠠ | ᠪᠥᠬᠦᠶ ᠬᠦᠰᠡᠯ ᠱᠠᠭᠠᠷᠳᠠᠯᠭ᠎ᠠ ᠪᠠᠨ ᠨᠡᠶᠢᠲᠡᠯᠡᠵᠦ ᠪᠣᠯᠤᠨ᠎ᠠ᠃ | 3᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠠᠷᠢᠭᠤ ᠲᠤᠰᠬᠠᠬᠤ ᠬᠤᠭᠤᠴᠠᠭ᠎ᠠ ᠶᠢ ᠵᠠᠷᠯᠠᠨ ᠨᠡᠶᠢᠲᠡᠯᠡᠭᠰᠡᠨ | ᠡᠳᠦᠷ ᠠᠴᠠ ᠡᠬᠢᠯᠡᠨ ᠠᠷᠪᠠᠨ ᠡᠳᠦᠷ ᠤᠨ ᠳᠣᠲᠣᠷ᠎ᠠ ᠳᠠᠷᠤᠶ 2024 ᠣᠨ ᠤ 10 ᠰᠠᠷ᠎ᠠ ᠶᠢᠨ 22 ᠤᠨ | ᠡᠳᠦᠷ ᠠᠴᠠ 2024 ᠣᠨ ᠤ 10 ᠰᠠᠷ᠎ᠠ ᠶᠢᠨ 31 ᠤ ᠡᠳᠦᠷ ᠪᠣᠯᠲᠠᠯ᠎ᠠ ᠬᠤᠷᠢᠶᠠᠵᠤ ᠪᠣᠯᠤᠨ᠎ᠠ᠃ | ᠵᠠᠷᠯᠠᠨ ᠨᠡᠶᠢᠲᠡᠯᠡᠬᠦ ᠨᠢᠭᠡᠴᠡ᠄ ᠬᠤᠸᠠᠳᠧ ᠰᠢᠶᠠᠨ ᠤ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ | ᠪᠠᠯᠠ ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ | 2024 ᠣᠨ ᠤ 10 ᠰᠠᠷ᠎ᠠ ᠶᠢᠨ 22 ᠤᠨ ᠡᠳᠦᠷ | | ᠢᠷᠡᠯᠲᠡ᠄ ᠬᠤᠸᠠᠳᠧ ᠰᠢᠶᠠᠨ ᠤ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ | ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠵᠣᠬᠢᠶᠠᠭᠴᠢ᠄ ᠬᠤᠸᠠᠳᠧ ᠰᠢᠶᠠᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠣᠷᠴᠢᠭᠤᠯᠤᠭᠴᠢ᠄ ᠭᠠᠩᠭ᠎ᠠ | |