ᠬᠤᠸᠠᠳᠧ ᠰᠢᠶᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠪᠤᠩᠬᠤᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠣᠯᠠᠨ ᠨᠡᠶᠢᠲᠡ ᠶᠢᠨ ᠰᠠᠨᠠᠯ ᠢ ᠬᠤᠷᠢᠶᠠᠪᠠ
ᠨᠡᠶᠢᠲᠡᠯᠡᠭᠰᠡᠨ ᠴᠠᠭ᠄
2024/10/31

    ︽︿ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ

ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ﹀ ᠶᠢ

ᠳᠠᠷᠤᠮᠠᠯᠯᠠᠨ ᠶᠠᠪᠤᠭᠤᠯᠬᠤ ᠲᠤᠬᠠᠶ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾

᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ

ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ

ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ

ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠬᠤᠸᠠᠳᠧ ᠰᠢᠶᠠᠨ ᠤ ᠨᠡᠶᠢᠲᠡ ᠶᠢᠨ ᠠᠰᠠᠷᠠᠮᠵᠢ ᠶᠢᠨ

ᠴᠢᠨᠠᠷᠲᠠᠶ ᠨᠡᠶᠢᠲᠡ ᠶᠢᠨ ᠣᠩᠭᠤᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠲᠠᠭᠤᠨ

ᠦᠨᠡᠯᠡᠯᠲᠡ ᠶᠢ ᠵᠠᠷᠯᠠᠨ ᠨᠡᠶᠢᠲᠡᠯᠡᠵᠦ᠂ ᠣᠯᠠᠨ ᠨᠡᠶᠢᠲᠡ ᠶᠢᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ

ᠲᠠᠯ᠎ᠠ ᠪᠠᠷ ᠬᠢ ᠰᠠᠨᠠᠯ ᠪᠠ ᠰᠠᠨᠠᠭᠤᠯᠭ᠎ᠠ ᠶᠢ ᠬᠤᠷᠢᠶᠠᠨ ᠴᠤᠭᠯᠠᠭᠤᠯᠵᠤ ᠬᠤᠷᠢᠶᠠᠪᠠ᠃

    ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ

    ᠪᠥᠲᠥᠭᠡᠨ ᠪᠠᠶᠢᠭᠤᠯᠤᠯᠲᠠ ᠶᠢᠨ ᠬᠠᠶ᠋ᠢᠭ᠄ ᠬᠤᠸᠠᠳᠧ ᠰᠢᠶᠠᠨ ᠤ ᠴᠠᠩᠱᠦ᠋ᠨ ᠪᠠᠯᠭᠠᠰᠤᠨ ᠤ ᠰᠠᠨ ᠳ᠋ᠤᠤ ᠭᠸᠦ

ᠲᠣᠰᠬᠤᠨ ᠤ ᠠᠷᠠᠳ ᠤᠨ ᠵᠥᠪᠯᠡᠯ ᠤᠨ ᠬᠤᠶᠢᠲᠤ ᠲᠠᠯ᠎ᠠ ᠳᠤ ᠲᠥᠷᠥᠯ ᠵᠦᠢᠯ ᠤᠨ ᠶᠡᠷᠦᠩᠬᠡᠶ ᠬᠡᠷᠡᠭᠯᠡᠬᠦ ᠭᠠᠵᠠᠷ ᠤᠨ

ᠲᠠᠯᠠᠪᠠᠶ 75.1889 ᠮᠥ ᠪᠠᠶᠢᠵᠤ᠂ ᠭᠤᠤᠯ ᠪᠣᠯᠬᠤ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠲᠡᠮᠦᠷ

ᠵᠠᠮ ᠤᠨ ᠬᠦᠷᠢᠶᠡᠨ ᠤ ᠬᠡᠷᠡᠮ 1604.25 ᠮᠧᠳ᠋ᠷ᠂ ᠪᠧᠲ᠋ᠣᠨ ᠤ ᠵᠠᠮ 4904.95 ᠺᠦᠸᠠᠳ᠋ ᠮᠧᠳ᠋ᠷ᠂ ᠲᠡᠷᠭᠡᠨ

ᠵᠣᠭᠰᠣᠭᠠᠯ 460.50 ᠺᠦᠸᠠᠳ᠋ ᠮᠧᠳ᠋ᠷ᠂ ᠨᠣᠭᠤᠭᠠᠨ ᠨᠠᠷᠠᠰᠤᠨ ᠮᠣᠳᠣ 600 ᠰᠠᠭᠤᠷᠢ᠂ ᠡᠭᠦᠳᠡᠨ ᠬᠠᠷᠠᠭᠤᠯ

54 ᠺᠦᠸᠠᠳ᠋ ᠮᠧᠳ᠋ᠷ᠂ ᠲᠡᠮᠦᠷ ᠮᠡᠷᠭᠡᠵᠢᠯ ᠤᠨ ᠡᠭᠦᠳᠡ 2 ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ

ᠲᠥᠬᠦᠭᠡᠷᠦᠮᠵᠢ ᠪᠠᠭᠲᠠᠨ᠎ᠠ᠃

    ᠲᠥᠷᠥᠯ ᠵᠦᠢᠯ ᠢ ᠬᠡᠷᠡᠭᠵᠢᠭᠦᠯᠬᠦ ᠦᠶᠡᠯᠡᠯ ᠤᠨ ᠬᠤᠭᠤᠴᠠᠭ᠎ᠠ᠄ ᠲᠣᠰ ᠲᠥᠷᠥᠯ ᠵᠦᠢᠯ ᠢ ᠬᠡᠷᠡᠭᠵᠢᠭᠦᠯᠬᠦ

ᠦᠶᠡᠯᠡᠯ ᠤᠨ ᠬᠤᠭᠤᠴᠠᠭ᠎ᠠ ᠨᠢ 2024 ᠣᠨ ᠤ 10 ᠰᠠᠷ᠎ᠠ ᠶᠢᠨ 20 ᠤ ᠡᠳᠦᠷ ᠠᠴᠠ 2024 ᠣᠨ ᠤ 12

ᠰᠠᠷ᠎ᠠ ᠶᠢᠨ 20 ᠤ ᠡᠳᠦᠷ ᠪᠣᠯᠲᠠᠯ᠎ᠠ᠃

    ᠶᠡᠷᠦᠩᠬᠡᠶ ᠪᠡᠯᠡ ᠣᠷᠣᠭᠤᠯᠤᠯᠲᠠ ᠵᠢᠴᠢ ᠪᠡᠯᠡ ᠮᠥᠩᠭᠦ ᠴᠤᠭᠯᠠᠭᠤᠯᠬᠤ᠄ ᠲᠤᠰ ᠲᠥᠷᠥᠯ ᠵᠦᠢᠯ ᠤᠨ ᠶᠡᠷᠦᠩᠬᠡᠶ

ᠪᠡᠯᠡ ᠣᠷᠣᠭᠤᠯᠤᠯᠲᠠ ᠨᠢ ᠪᠠᠷᠤᠭ 200 ᠲᠦᠮᠡᠨ ᠲᠥᠭᠦᠷᠢᠭ ᠪᠠᠶᠢᠵᠤ᠂ ᠪᠡᠯᠡ ᠮᠥᠩᠭᠦ ᠶᠢᠨ ᠢᠷᠡᠯᠲᠡ ᠨᠢ ᠪᠣᠯ᠄

ᠰᠢᠶᠠᠨ ᠤ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠪᠣᠯᠤᠨ᠎ᠠ᠃ ᠲᠥᠷᠥᠯ ᠵᠦᠢᠯ ᠢ ᠬᠡᠷᠡᠭᠵᠢᠭᠦᠯᠬᠦ ᠨᠢ

ᠲᠤᠬᠠᠶ ᠶᠢᠨ ᠭᠠᠵᠠᠷ ᠤᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠨ᠂ ᠨᠡᠶᠢᠭᠡᠮ ᠵᠢᠷᠤᠮ ᠤᠨ ᠰᠢᠨ᠎ᠡ ᠬᠥᠳᠡᠭᠡ

ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ

ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ

ᠠᠯᠬᠤᠮ ᠴᠢᠩᠭᠠᠳᠬᠠᠨ᠂ ᠬᠥᠳᠡᠭᠡ ᠲᠣᠰᠬᠤᠨ ᠤ ᠣᠷᠣᠰᠢᠭᠤᠯᠭ᠎ᠠ ᠶᠢᠨ ᠬᠦᠴᠢᠷᠲᠡᠶ ᠪᠠᠶᠢᠬᠤ᠂ ᠭᠠᠵᠠᠷ ᠰᠢᠷᠣᠶ ᠶᠢᠨ

ᠡᠬᠢ ᠪᠠᠶᠠᠯᠢᠭ ᠢ ᠪᠦᠷᠢᠯᠭᠡᠬᠦ ᠲᠠᠯ᠎ᠠ ᠪᠠᠷ ᠶᠡᠭᠡ᠂ ᠬᠠᠷᠠᠭᠠᠨ ᠤ ᠪᠣᠬᠢᠷᠲᠤᠯ ᠤᠨ ᠬᠦᠨᠳᠦ ᠨᠣᠴᠢᠲᠠᠶ ᠪᠠᠶᠢᠬᠤ

ᠠᠰᠠᠭᠤᠳᠠᠯ ᠢ ᠰᠢᠢᠳᠪᠦᠷᠢᠯᠡᠨ᠎ᠡ᠃

    ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠵᠦᠢᠯᠡᠰ᠂ ᠪᠣᠳᠠᠲᠠᠶ ᠬᠡᠯᠪᠡᠷᠢ ᠵᠢᠴᠢ ᠬᠤᠭᠤᠴᠠᠭ᠎ᠠ

ᠬᠢᠵᠠᠭᠠᠷ

    ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠄

    1. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠨᠳᠤᠬᠤ ᠣᠪᠣᠷ︔

    2. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠶᠠᠮᠠᠷ ᠶᠠᠮᠠᠷ ᠨᠡᠶᠢᠭᠡᠮ ᠤᠨ ᠲᠣᠭᠲᠠᠭᠤᠨ ᠤ ᠠᠶᠤᠯ

ᠲᠦᠭᠰᠢᠭᠦᠷᠢ ᠡᠭᠦᠰᠬᠦ ᠪᠣᠯᠤᠯᠴᠠᠭ᠎ᠠ ᠲᠠᠢ︔

    3. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠤᠰᠤᠳ ᠰᠠᠨᠠᠯ ᠪᠠ ᠰᠠᠨᠠᠭᠤᠯᠭ᠎ᠠ︔

    ᠣᠯᠠᠨ ᠨᠡᠶᠢᠲᠡ ᠪᠠᠷ ᠢᠶᠠᠨ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ

ᠲᠠᠯ᠎ᠠ ᠪᠠᠷ ᠬᠢ ᠰᠠᠨᠠᠯ ᠪᠠ ᠰᠠᠨᠠᠭᠤᠯᠭ᠎ᠠ ᠶᠢ ᠲᠣᠰ ᠢᠯᠡ ᠨᠡᠶᠢᠲᠡᠯᠡᠭᠰᠡᠨ ᠡᠳᠦᠷ ᠠᠴᠠ ᠡᠬᠢᠯᠡᠨ ᠲᠤᠯᠤᠭᠠᠨ ᠠᠵᠢᠯᠯᠠᠬᠤ

ᠡᠳᠦᠷ ᠤᠨ ᠳᠣᠲᠣᠷ᠎ᠠ᠂ ᠳᠣᠤᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ

ᠪᠠᠶᠢᠭᠤᠯᠤᠯᠲᠠ ᠶᠢᠨ ᠨᠢᠭᠡᠴᠡ ᠪᠤᠶᠤ ᠦᠨᠡᠯᠡᠯᠲᠡ ᠶᠢᠨ ᠨᠢᠭᠡᠴᠡ ᠳᠤ ᠬᠠᠷᠢᠭᠤ ᠲᠤᠰᠬᠠᠨ᠎ᠠ᠃

    ᠭᠤᠷᠪᠠ᠂ ᠣᠯᠠᠨ ᠨᠡᠶᠢᠲᠡ ᠶᠢᠨ ᠣᠷᠣᠯᠴᠠᠬᠤ ᠬᠠᠷᠢᠯᠴᠠᠬᠤ ᠠᠷᠭ᠎ᠠ ᠮᠠᠶ᠋ᠢᠭ

    ᠪᠦᠲᠦᠭᠡᠨ ᠪᠠᠶᠢᠭᠤᠯᠬᠤ ᠨᠢᠭᠡᠴᠢ ᠶᠢᠨ ᠬᠠᠷᠢᠯᠴᠠᠬᠤ ᠠᠷᠭ᠎ᠠ ᠬᠡᠯᠪᠡᠷᠢ᠄

    ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠬᠤᠸᠠᠳᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ

    ᠬᠠᠷᠢᠯᠴᠠᠬᠤ ᠬᠥᠮᠦᠨ᠄ ᠽᠦᠩ ᠰᠢᠶᠤᠤ ᠬᠤ᠋ ᠬᠠᠷᠢᠯᠴᠠᠬᠤ ᠤᠲᠠᠰᠤ᠄ 13848438800

    ᠨᠢᠭᠡᠴᠡ ᠶᠢᠨ ᠬᠠᠶ᠋ᠢᠭ᠄ ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ ᠴᠠᠩᠱᠦ᠋ᠨ ᠪᠠᠯᠭᠠᠰᠤᠨ ᠤ ᠰᠢᠤᠳᠠᠨ ᠤ

ᠨᠣᠮᠧᠷ᠄ 013350

  

ᠢᠷᠡᠯᠲᠡ᠄ ᠬᠤᠸᠠᠳᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2