ᠬᠦᠨᠳᠦᠲᠦ ᠵᠣᠴᠢᠳ᠄ ᠬᠤᠸᠠᠳᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠰᠢᠤᠸᠠᠢ ᠰᠢᠶᠣᠤ ᠮᠢᠩ ᠨᠥᠬᠦᠷ | ᠬᠤᠸᠠᠳᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠤᠸᠠᠢ ᠰᠢᠶᠤᠤ ᠮᠢᠩ | ᠨᠥᠬᠦᠷ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | ᠰᠤᠷᠪᠤᠯᠵᠢᠯᠠᠨ ᠶᠠᠷᠢᠯᠴᠠᠭᠰᠠᠨ ᠪᠣᠳᠠᠳᠤ ᠲᠡᠮᠳᠡᠭᠯᠡᠯ: | ᠬᠦᠲᠦᠯᠦᠭᠴᠢ ᠤᠯᠠᠨ ᠢᠶᠠᠷ ᠢᠶᠠᠨ ᠰᠠᠶᠢᠨ᠃ ᠥᠨᠥᠳᠦᠷ ᠤᠨ ᠪᠢᠳᠡᠨ ᠤ ᠤᠷᠢᠵᠤ ᠢᠷᠡᠭᠰᠡᠨ ᠬᠦᠨᠳᠦᠲᠦ ᠵᠣᠴᠢᠨ | ᠪᠣᠯ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠤᠸᠠᠢ ᠰᠢᠶᠣᠤ ᠮᠢᠩ ᠨᠥᠬᠦᠷ | ᠪᠣᠯᠤᠨ᠎ᠠ᠃ ᠰᠢᠤᠸᠠᠶ ᠲᠣᠪᠴᠢᠶᠠᠨ ᠳᠠᠷᠤᠭ᠎ᠠ ᠡ᠂ ᠲᠠ ᠰᠠᠶᠢᠨ ᠤᠤ︕ | ᠰᠢᠤᠸᠠᠶ ᠲᠤᠪᠴᠢᠶᠠᠨ ᠲᠠᠷᠤᠭ᠎ᠠ ᠲᠠᠭᠠᠭᠠᠮᠠᠯ ᠰᠠᠶᠢᠨ ᠤᠤ᠂ ᠤᠯᠠᠨ ᠢᠶᠠᠷ ᠢᠶᠠᠨ ᠰᠠᠶᠢᠨ᠃ ︽ᠰᠦᠯᠵᠢᠶᠡᠨ ᠳᠡᠭᠡᠷᠡᠬᠢ | ᠰᠤᠷᠪᠤᠯᠵᠢᠯᠠᠯ︾ ᠭᠡᠬᠦ ᠡᠨᠡ ᠬᠦ ᠲᠠᠪᠴᠠᠩ ᠢᠶᠠᠷ ᠳᠠᠮᠵᠢᠭᠤᠯᠤᠨ ᠣᠯᠠᠨ ᠲᠠᠢ ᠮᠠᠰᠢ ᠪᠠᠶᠠᠷᠯᠠᠵᠤ᠂ ᠪᠠᠰᠠ ᠡᠨᠡ ᠬᠦ | ᠲᠣᠬᠢᠶᠠᠯ ᠢ ᠠᠰᠢᠭᠯᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ | ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠬᠥᠲᠥᠯᠥᠭᠴᠢ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠨᠢ ᠠᠵᠤ | ᠠᠬᠤᠶ ᠨᠡᠶᠢᠭᠡᠮ ᠤᠨ ᠬᠥᠭᠵᠢᠯᠲᠡ ᠲᠠᠢ ᠬᠤᠯᠪᠣᠭᠳᠠᠬᠤ ᠮᠥᠷᠲᠡᠭᠡᠨ ᠪᠠᠰᠠ ᠠᠷᠠᠳ ᠣᠯᠠᠨ ᠤ ᠦᠢᠯᠡᠳᠪᠦᠷᠢᠯᠡᠯ | ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠰᠢᠤᠸᠠᠢ ᠲᠣᠪᠴᠢᠶᠠᠨ ᠳᠠᠷᠤᠭ᠎ᠠ᠂ ᠲᠠ ᠡᠨᠡ ᠵᠢᠯ ᠤᠨ ᠳᠡᠭᠡᠷ᠎ᠡ | ᠬᠠᠭᠠᠰ ᠵᠢᠯ ᠤᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠭᠤᠣᠯᠳᠠᠯᠭ᠎ᠠ ᠲᠠᠢ | ᠠᠵᠢᠯ ᠤᠨ ᠠᠬᠢᠴᠠ ᠶᠢᠨ ᠪᠠᠢᠳᠠᠯ ᠢ ᠲᠠᠨᠢᠯᠴᠠᠭᠤᠯᠤᠭᠠᠷᠠᠢ᠃ | ᠰᠢᠤᠸᠠᠶ ᠲᠤᠪᠴᠢᠶᠠᠨ ᠲᠠᠷᠤᠭ᠎ᠠ ᠵᠠ᠃ ᠡᠨᠡ ᠵᠢᠯ ᠠᠴᠠ ᠨᠠᠭᠠᠰᠢ᠂ ᠰᠢᠶᠠᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠵᠥᠪ ᠤᠳᠤᠷᠢᠳᠤᠯᠭ᠎ᠠ ᠳᠣᠤᠷ᠎ᠠ᠂ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ | ᠬᠠᠯᠠᠮᠵᠢᠯᠠᠯ ᠵᠢᠯᠣᠭᠤᠳᠣᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ | ᠱᠠᠭᠠᠷᠳᠠᠯᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠤᠨ ᠠᠮᠢᠳᠤᠷᠠᠯ ᠢ ᠠᠩᠬᠠᠷᠬᠤ᠂ ᠬᠤᠲᠠ ᠪᠠᠯᠭᠠᠰᠤᠨ ᠤ | ᠴᠢᠳᠠᠮᠵᠢ ᠶᠢ ᠲᠡᠭᠦᠯᠳᠡᠷᠵᠢᠭᠦᠯᠬᠦ᠂ ᠰᠠᠭᠤᠭᠠᠯᠢ ᠠᠷᠠᠳ ᠤᠨ ᠠᠮᠢᠳᠤᠷᠠᠯ ᠳᠤ ᠲᠥᠬᠦᠮ ᠦᠵᠡᠭᠦᠯᠬᠦ᠂ ᠪᠥᠬᠦ ᠰᠢᠶᠠᠨ ᠤ | ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠪᠠᠷ ᠭᠤᠤᠯᠳᠠᠯᠭ᠎ᠠ ᠪᠣᠯᠭᠠᠬᠤ ᠶᠢᠨ ᠲᠣᠭᠤᠷᠢᠨ ᠳᠤ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ᠴᠢᠨᠠᠷ ᠰᠠᠶᠢᠲᠠᠶ | ᠬᠥᠭᠵᠢᠯᠲᠡ ᠶᠢ ᠬᠦᠴᠦᠯᠡᠨ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠠᠮᠢᠵᠢᠷᠠᠯ ᠤᠨ ᠬᠦᠴᠦᠨ ᠢᠶᠠᠷ | ᠪᠢᠯᠬᠠᠮ᠎ᠠ᠂ ᠣᠨᠴᠠᠯᠢᠭ ᠢᠶᠠᠷ ᠢᠯᠡ ᠲᠣᠳᠣ ᠣᠳᠣᠬᠢᠴᠢᠯᠠᠭᠰᠠᠨ ᠬᠤᠲᠠ ᠪᠠᠯᠭᠠᠰᠤ ᠶᠢ ᠪᠣᠶ ᠪᠣᠯᠭᠠᠬᠤ ᠪᠠᠷ ᠬᠠᠷᠠᠯᠲᠠ | ᠪᠣᠯᠭᠠᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠳᠥᠯᠭᠢᠨ | ᠠᠬᠢᠭᠤᠯᠵᠤ᠂ ᠪᠥᠬᠦ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ | ᠢᠯᠡᠳᠲᠡ ᠦᠷ᠎ᠡ ᠪᠦᠲᠦᠮᠵᠢ ᠤᠯᠪᠠ᠃ ᠭᠤᠣᠯᠳᠠᠭᠤ ᠳᠣᠣᠷᠠᠬᠢ ᠬᠡᠳᠦᠨ ᠲᠠᠯ᠎ᠠ ᠪᠤᠢ᠄ | ︵ᠨᠢᠭᠡ︶ ᠰᠢᠲᠠᠮᠠᠬᠠᠶ ᠬᠡᠢ ᠶᠢᠨ ᠠᠮᠤᠷ ᠲᠦᠪᠰᠢᠨ ᠤ ᠠᠵᠢᠯ ᠢ ᠠᠬᠢᠭᠤᠯᠤᠭᠰᠠᠨ ᠪᠠᠶᠢᠳᠠᠯ | ᠨᠢᠭᠡ ᠳᠤ ᠡᠳᠦᠷ ᠲᠤᠲᠤᠮ ᠤᠨ ᠪᠠᠶᠢᠴᠠᠭᠠᠯᠲᠠ ᠶᠢᠨ ᠪᠠᠶᠢᠳᠠᠯ᠃ ᠣᠲᠣ ᠪᠣᠯᠲᠠᠯ᠎ᠠ ᠮᠠᠨ ᠤ ᠰᠢᠶᠠᠨ 3 ᠰᠢᠲᠠᠮᠠᠬᠠᠶ | ᠬᠡᠶ ᠶᠢᠨ ᠡᠵᠡᠩᠨᠡᠯᠲᠡ ᠶᠢᠨ ᠠᠵᠤ ᠠᠬᠤᠶᠢᠯᠠᠯ ᠳᠤ 11 ᠤᠳᠠᠭᠠᠨ ᠤ ᠠᠮᠤᠷ ᠲᠦᠪᠰᠢᠨ ᠤ ᠳᠠᠯᠳᠠ ᠬᠡᠮ ᠤᠨ | ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ | ᠪᠠᠭᠤᠯᠭᠠᠵᠤ᠂ ᠡᠩ ᠤᠨ ᠠᠮᠤᠷ ᠲᠦᠪᠰᠢᠨ ᠤ ᠳᠠᠯᠳᠠ ᠬᠡᠮ ᠢ 86 ᠵᠤᠷᠪᠤᠰ ᠢᠯᠡᠷᠡᠭᠦᠯᠵᠦ᠂ ᠣᠲᠣ ᠨᠢᠭᠡᠨᠲᠡ ᠪᠦᠬᠦᠨ ᠢ | ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠬᠤᠶᠠᠷ ᠲᠤ ᠠᠮᠤᠷ ᠲᠦᠪᠰᠢᠨ ᠤ ᠪᠣᠯᠪᠠᠰᠤᠷᠠᠭᠤᠯᠤᠯ ᠤᠨ ᠪᠠᠶᠢᠳᠠᠯ᠃ | ᠮᠠᠨ ᠤ ᠰᠢᠶᠠᠨ ᠤ ᠰᠢᠲᠠᠮᠠᠬᠠᠶ ᠬᠡᠶ ᠶᠢᠨ ᠲᠤᠰᠬᠠᠶ ᠠᠩᠭᠢ ᠶᠢᠨ ᠪᠦᠷᠢᠯᠳᠦᠬᠦᠨ ᠨᠢᠭᠡᠴᠡ 3 ᠬᠤᠭᠤᠴᠠᠭ᠎ᠠ ᠬᠤᠪᠢᠶᠠᠨ | ᠪᠥᠬᠦ ᠰᠢᠶᠠᠨ ᠤ 225 ᠬᠡᠷ ᠪᠦᠯᠢ ᠶᠢᠨ ᠰᠢᠲᠠᠮᠠᠬᠠᠶ ᠬᠡᠶ ᠶᠢᠨ ᠢᠳᠡᠭᠡᠨ ᠤᠮᠳᠠᠭᠠᠨ ᠤ ᠠᠵᠢᠯ ᠲᠥᠷᠥᠯ ᠳᠤ ᠢᠳᠡᠭᠡᠨ | ᠤᠮᠳᠠᠭᠠᠨ ᠤ ᠠᠵᠢᠯ ᠲᠥᠷᠥᠯ ᠤᠨ ᠭᠤᠤᠯ ᠬᠠᠷᠢᠭᠤᠴᠠᠯᠭᠠᠲᠠᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ | ᠪᠣᠯᠪᠠᠰᠤᠷᠠᠭᠤᠯᠤᠯ ᠬᠢᠪᠠ᠃ ᠭᠤᠷᠪᠠ ᠳᠤ ᠰᠢᠲᠠᠮᠠᠬᠠᠶ ᠬᠡᠢ ᠶᠢᠨ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢᠨ | ᠪᠠᠶᠢᠳᠠᠯ᠃ ᠬᠤᠲᠠ ᠶᠢᠨ ᠲᠣᠭᠤᠷᠢᠭ ᠤᠨ ᠰᠢᠲᠠᠮᠠᠬᠠᠶ ᠬᠡᠶ ᠶᠢᠨ ᠬᠤᠭᠤᠯᠠᠶ ᠶᠢ ᠥᠭᠡᠷᠡᠴᠢᠯᠡᠬᠦ ᠢᠨᠵᠧᠨᠧᠷᠢᠩ ᠢ 2023 | ᠣᠨ ᠤ 9 ᠰᠠᠷ᠎ᠠ ᠳᠤ ᠡᠬᠢᠯᠡᠨ ᠪᠠᠶᠢᠭᠤᠯᠵᠤ᠂ ᠣᠲᠣ ᠪᠣᠯᠲᠠᠯ᠎ᠠ ᠹᠦ᠋ ᠠᠨ ᠤ ᠬᠤᠶᠠᠳᠤᠭᠠᠷ ᠬᠤᠭᠤᠴᠠᠭ᠎ᠠ᠂ ᠨᠡᠭᠦᠳᠡᠯ | ᠠᠷᠠᠳ ᠤᠨ ᠬᠤᠶᠠᠳᠤᠭᠠᠷ ᠬᠤᠭᠤᠴᠠᠭ᠎ᠠ᠂ ᠠᠷᠠᠳ ᠤᠨ ᠶᠠᠪᠤᠳᠠᠯ ᠤᠨ ᠵᠢᠵᠢᠭ ᠲᠣᠭᠤᠷᠢᠭ᠂ ᠨᠡᠭᠦᠳᠡᠯ ᠠᠷᠠᠳ ᠤᠨ | ᠨᠢᠭᠡᠳᠦᠭᠡᠷ ᠬᠤᠭᠤᠴᠠᠭ᠎ᠠ᠂ ᠴᠠᠩ ᠴᠢᠩ ᠶᠤᠸᠠᠨ ᠵᠢᠵᠢᠭ ᠲᠣᠭᠤᠷᠢᠭ ᠤᠨ 21.6 ᠺᠢᠯᠣᠮᠧᠳ᠋ᠷ ᠤᠨ ᠬᠦᠷᠢᠶ᠎ᠡ | ᠬᠠᠰᠢᠶ᠎ᠠ ᠶᠢᠨ ᠬᠤᠭᠤᠯᠠᠶ ᠶᠢ ᠥᠭᠡᠷᠡᠴᠢᠯᠡᠬᠦ ᠠᠵᠢᠯ ᠢ ᠨᠢᠭᠡᠨᠲᠡ ᠪᠡᠶᠡᠯᠡᠭᠦᠯᠪᠡ︔ ᠹᠦ᠋ ᠠᠨ ᠨᠢᠭᠡᠳᠦᠭᠡᠷ ᠬᠤᠭᠤᠴᠠᠭ᠎ᠠ᠂ | ᠹᠦ᠋ ᠠᠨ ᠬᠤᠶᠠᠳᠤᠭᠠᠷ ᠬᠤᠭᠤᠴᠠᠭ᠎ᠠ᠂ ᠨᠡᠭᠦᠳᠡᠯ ᠠᠷᠠᠳ ᠤᠨ ᠨᠢᠭᠡᠳᠦᠭᠡᠷ ᠬᠤᠭᠤᠴᠠᠭ᠎ᠠ᠂ ᠠᠷᠠᠳ ᠤᠨ ᠶᠠᠪᠤᠳᠠᠯ ᠤᠨ | ᠵᠢᠵᠢᠭ ᠲᠣᠭᠤᠷᠢᠭ᠂ ᠨᠠᠮ ᠵᠠᠰᠠᠭ ᠤᠨ ᠵᠢᠵᠢᠭ ᠲᠣᠭᠤᠷᠢᠭ ᠵᠡᠷᠭᠡ 22.9 ᠺᠢᠯᠣᠮᠧᠳ᠋ᠷ ᠤᠨ ᠰᠢᠲᠠᠮᠠᠬᠠᠶ ᠬᠡᠶ ᠶᠢᠨ | ᠬᠤᠭᠤᠯᠠᠶ ᠶᠢᠨ ᠱᠤᠭᠤᠮ ᠢ ᠥᠭᠡᠷᠡᠴᠢᠯᠡᠬᠦ ᠠᠵᠢᠯ ᠢ ᠨᠢᠭᠡᠨᠲᠡ ᠳᠠᠭᠤᠰᠬᠠᠵᠤ᠂ 1580 ᠲᠦᠮᠡᠨ ᠲᠥᠭᠦᠷᠢᠭ ᠤᠨ | ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠦᠯᠡᠳᠡᠭᠰᠡᠨ ᠬᠦᠷᠢᠶ᠎ᠡ ᠬᠠᠰᠢᠶ᠎ᠠ ᠶᠢ ᠪᠠᠶᠢᠭᠤᠯᠵᠤ ᠬᠠᠮᠢᠶᠠᠷᠬᠤ | ᠥᠭᠡᠷᠡᠴᠢᠯᠡᠯᠲᠡ ᠶᠢ ᠵᠢᠱᠢᠯᠲᠡ ᠪᠠᠷ ᠡᠨᠡ ᠵᠢᠯ ᠤᠨ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠳᠠᠭᠤᠰᠬᠠᠨ᠎ᠠ᠃ | | ︵ᠬᠤᠶᠠᠷ︶ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠠᠬᠢᠭᠤᠯᠤᠭᠰᠠᠨ ᠪᠠᠶᠢᠳᠠᠯ | ᠨᠢᠭᠡ ᠳᠤ᠂ ᠲᠥᠬᠦᠭᠡᠷᠦᠮᠵᠢ ᠤᠭᠰᠠᠷᠠᠭᠰᠠᠨ ᠪᠠᠶᠢᠳᠠᠯ᠃ ᠣᠳᠣᠬᠠᠨ ᠪᠣᠯᠲᠠᠯ᠎ᠠ᠂ ᠮᠠᠨ ᠤ ᠰᠢᠶᠠᠨ ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠬᠦ ᠲᠥᠬᠦᠭᠡᠷᠦᠮᠵᠢ ᠶᠢ ᠨᠡᠶᠢᠲᠡ 13862 ᠡᠷᠦᠬᠡ ᠤᠭᠰᠠᠷᠠᠵᠤ᠂ ᠪᠠᠰᠠ 1896 | ᠡᠷᠦᠬᠡ ᠶᠢᠨ ᠲᠥᠬᠦᠭᠡᠷᠦᠮᠵᠢ ᠶᠢ ᠶᠠᠭ ᠤᠭᠰᠠᠷᠠᠵᠤ ᠪᠠᠶᠢᠨ᠎ᠠ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠠᠴᠠ ᠡᠮᠦᠨ᠎ᠡ | ᠪᠦᠬᠦᠨ ᠢ ᠤᠭᠰᠠᠷᠠᠵᠤ ᠳᠠᠭᠤᠰᠬᠠᠨ᠎ᠠ᠃ ᠬᠤᠶᠠᠷ ᠲᠤ ᠬᠦᠰᠦᠨᠦᠭᠲᠦ ᠶᠢᠨ ᠬᠤᠶᠢᠲᠤ ᠱᠤᠭᠤᠮ ᠤᠨ ᠠᠬᠢᠴᠠ ᠶᠢᠨ | ᠪᠠᠶᠢᠳᠠᠯ᠃ ᠮᠠᠨ ᠤ ᠰᠢᠶᠠᠨ ᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠪᠠᠭᠲᠠᠭᠠᠮᠵᠢ ᠶᠢ ᠨᠡᠮᠡᠭᠳᠡᠭᠦᠯᠬᠦ | ᠠᠵᠢᠯ ᠨᠢ 6 ᠰᠢᠶᠠᠩ ᠪᠠᠯᠭᠠᠰᠤ᠂ 223 ᠠᠶᠢᠯ ᠲᠣᠰᠬᠤᠨ ᠪᠠ 10 ᠨᠡᠶᠢᠭᠡᠮ ᠲᠣᠭᠤᠷᠢᠭ ᠲᠤ ᠬᠤᠯᠪᠣᠭᠳᠠᠨ᠎ᠠ᠃ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠨᠵᠧᠨᠧᠷᠢᠩ ᠤᠨ ᠥᠭᠡᠷᠡᠴᠢᠯᠡᠯᠲᠡ ᠶᠢᠨ ᠡᠷᠦᠬᠡ ᠶᠢᠨ ᠲᠤᠭ᠎ᠠ | ᠨᠡᠶᠢᠲᠡ 7095 ᠡᠷᠦᠬᠡ ᠪᠠᠶᠢᠵᠤ᠂ ᠴᠠᠬᠢᠯᠭᠠᠨ ᠬᠦᠴᠦᠨ ᠤ ᠥᠭᠡᠷᠡᠴᠢᠯᠡᠯᠲᠡ ᠶᠢ ᠨᠢᠭᠡᠨᠲᠡ ᠪᠦᠬᠦᠨ ᠢ ᠳᠠᠭᠤᠰᠬᠠᠵᠤ᠂ | ᠬᠦᠰᠦᠨᠦᠭᠲᠦ ᠶᠢᠨ ᠠᠷᠤ ᠲᠠᠯ᠎ᠠ ᠶᠢ ᠪᠦᠬᠦᠨ ᠢ ᠡᠷᠦᠬᠡ ᠳᠤ ᠤᠭᠰᠠᠷᠠᠪᠠ᠃ ᠡᠭᠦᠨ ᠠᠴᠠ ᠭᠠᠳᠠᠨ᠎ᠠ᠂ ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠭᠰᠡᠨ ᠨᠢ ᠲᠣᠰᠬᠤᠨ ᠤ ᠡᠷᠦᠬᠡ 6846 ᠡᠷᠦᠬᠡ ᠪᠠᠶᠢᠪᠠ᠃ ᠣᠲᠣ ᠪᠣᠯᠲᠠᠯ᠎ᠠ ᠶᠠᠭ | ᠳᠠᠭᠠᠭᠠᠴᠢᠯᠠᠯᠲᠠ ᠵᠠᠷᠯᠠᠬᠤ ᠭᠤᠭᠴᠤᠭ᠎ᠠ ᠪᠠᠶᠢᠵᠤ᠂ 6 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠡᠬᠢᠯᠡᠭᠦᠯᠵᠦ᠂ | ᠵᠢᠱᠢᠯᠲᠡ ᠪᠠᠷ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠪᠠᠷᠢᠵᠤ ᠳᠠᠭᠤᠰᠬᠠᠨ᠎ᠠ᠃ | ︵ᠭᠤᠷᠪᠠ︶ ᠬᠦᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠠᠵᠢᠯ | 2024 ᠣᠨ ᠳᠤ ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ | ᠥᠭᠡᠷᠡᠴᠢᠯᠡᠨ ᠵᠠᠰᠠᠬᠤ 17 ᠡᠷᠦᠬᠡ ᠶᠢ ᠳᠡᠭᠡᠭᠰᠢ ᠮᠡᠳᠡᠭᠦᠯᠪᠡ᠃ ᠨᠢᠭᠡᠨᠲᠡ ᠪᠠᠭᠤᠯᠭᠠᠭᠰᠠᠨ ᠲᠥᠪ ᠤᠨ ᠡᠳ᠋ ᠤᠨ | ᠵᠠᠰᠠᠭ ᠤᠨ ᠨᠥᠬᠦᠪᠥᠷᠢ ᠶᠢᠨ ᠪᠠᠯᠠ ᠮᠥᠩᠭᠦ 26.3 ᠲᠦᠮᠡᠨ ᠲᠥᠭᠦᠷᠢᠭ ᠪᠠᠶᠢᠵᠤ᠂ ᠥᠪᠡᠷᠲᠡᠭᠡᠨ ᠵᠠᠰᠠᠬᠤ ᠣᠷᠣᠨ ᠤ | ᠨᠥᠬᠦᠪᠥᠷᠢ ᠶᠢᠨ ᠪᠠᠯᠠ ᠮᠥᠩᠭᠦ 10.2 ᠲᠦᠮᠡᠨ ᠲᠥᠭᠦᠷᠢᠭ ᠪᠠᠭᠤᠯᠭᠠᠪᠠ᠃ ᠣᠳᠣᠬᠠᠨ ᠳᠤ ᠨᠢᠭᠡᠨᠲᠡ 5 | ᠡᠷᠦᠬᠡ ᠶᠢᠨ ᠠᠵᠢᠯ ᠢ ᠡᠬᠢᠯᠡᠭᠦᠯᠪᠡ᠃ | ︵ᠲᠦᠷᠪᠡ︶ ᠬᠥᠳᠡᠭᠡ ᠲᠣᠰᠭᠤᠨ ᠤ ᠠᠮᠢᠳᠤᠷᠠᠯ ᠤᠨ ᠬᠤᠭ ᠨᠣᠪᠱᠢ ᠶᠢ ᠵᠠᠰᠠᠬᠤ ᠠᠵᠢᠯ | ᠣᠲᠣ ᠪᠣᠯᠲᠠᠯ᠎ᠠ᠂ ᠮᠠᠨ ᠤ ᠰᠢᠶᠠᠨ ᠨᠢᠭᠡᠨᠲᠡ ᠬᠥᠳᠡᠭᠡ ᠲᠣᠰᠬᠤᠨ ᠤ ᠬᠤᠭ ᠨᠣᠪᠰᠢ ᠶᠢ ᠰᠢᠲᠠᠭᠠᠬᠤ ᠥᠷᠲᠡᠭᠡ 6 | ᠪᠠᠶᠢᠭᠤᠯᠵᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ 63 ᠵᠠᠰᠠᠭ ᠵᠠᠬᠢᠷᠭᠠᠨ ᠤ ᠲᠣᠰᠬᠤᠨ ᠢ | ᠬᠠᠮᠤᠷᠴᠤ᠂ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠤᠨ ᠪᠦᠷᠬᠦᠴᠡ ᠶᠢᠨ ᠨᠣᠷᠮ᠎ᠠ 73.26% ᠳᠤ ᠬᠦᠷᠴᠡᠶ᠃ | ᠰᠢᠶᠠᠨ ᠤ ᠲᠠᠪᠤᠨ ᠶᠡᠭᠡ ᠡᠭᠦᠷᠭᠡ ᠶᠢᠨ ᠠᠵᠢᠯ ᠤᠨ ᠲᠥᠯᠥᠪᠯᠡᠭᠡ ᠶᠣᠰᠣᠭᠠᠷ᠂ ᠮᠠᠨ ᠤ ᠰᠢᠶᠠᠨ ᠦᠵᠡᠰᠬᠦᠯᠡᠩᠲᠦ | ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠠᠶᠢᠯ ᠲᠣᠰᠬᠤᠨ ᠢ ᠪᠥᠲᠥᠭᠡᠨ ᠪᠠᠶᠢᠭᠤᠯᠬᠤ ᠪᠠᠷ ᠤᠳᠤᠷᠢᠳᠤᠮᠵᠢ | ᠪᠣᠯᠭᠠᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠪᠠᠷ ᠭᠤᠤᠯᠳᠠᠯᠭ᠎ᠠ ᠪᠣᠯᠭᠠᠵᠤ᠂ | ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠲᠣᠪᠤᠶᠢᠮ᠎ᠠ ᠳᠤᠲᠠᠭᠤᠳᠠᠯ ᠢ ᠲᠦᠷᠭᠡᠨ | ᠨᠥᠬᠦᠪᠥᠷᠢᠯᠡᠪᠡ᠃ 2024 ᠣᠨ ᠤ ᠡᠴᠦᠰ ᠪᠣᠯᠬᠤ ᠳᠤ᠂ ᠪᠥᠬᠦ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ | ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ | ︵ᠲᠠᠪᠤ︶ ᠪᠠᠲᠤᠯᠠᠭ᠎ᠠ ᠶᠢᠨ ᠴᠢᠨᠠᠷᠲᠠᠢ ᠳᠦᠷᠢᠶᠡᠰᠦᠯᠡᠯ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ | ᠨᠢᠭᠡ ᠳᠤ᠂ ᠬᠤᠸᠠᠳᠧ ᠰᠢᠶᠠᠨ ᠤ ᠬᠠᠭᠤᠴᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠯᠪᠠᠨ ᠠᠰᠠᠷ ᠤᠨ | ᠨᠢᠭᠡ ᠠᠴᠠ ᠳᠥᠷᠪᠡᠨ ᠳᠠᠪᠬᠤᠷᠭ᠎ᠠ ︵ᠲᠠᠯᠠᠪᠠᠶ ᠨᠢ ᠪᠠᠷᠤᠭ 3900 ᠺᠦᠸᠠᠳ᠋ ᠮᠧᠳ᠋ᠷ︶ ᠶᠢ ᠠᠰᠢᠭᠯᠠᠨ ᠪᠠᠲᠤᠯᠠᠭ᠎ᠠ ᠶᠢᠨ | ᠴᠢᠨᠠᠷᠲᠠᠶ ᠲᠦᠷᠢᠶᠡᠰᠦᠨ ᠣᠷᠣᠨ ᠰᠠᠭᠤᠴᠠ ᠪᠣᠯᠭᠠᠨ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ ᠪᠣᠶ᠃ ᠲᠣᠰ | ᠲᠥᠷᠥᠯ ᠵᠦᠢᠯ ᠨᠢ ᠨᠢᠭᠡᠨᠲᠡ ᠭᠤᠷᠪᠠᠳᠠᠬᠢ ᠡᠲᠡᠭᠡᠳ ᠢ ᠤᠷᠢᠵᠤ ᠭᠡᠷ ᠪᠠᠶᠢᠰᠢᠩ ᠤᠨ ᠶᠠᠰᠤ ᠴᠢᠨᠠᠷ ᠪᠠ ᠠᠮᠤᠷ | ᠲᠦᠪᠰᠢᠨ ᠤ ᠴᠢᠨᠠᠷ ᠤᠨ ᠲᠤᠬᠠᠶ ᠬᠢᠨᠠᠨ ᠲᠣᠭᠲᠠᠭᠠᠯᠲᠠ ᠬᠢᠭᠰᠡᠨ ᠪᠥᠭᠡᠳ ᠠᠮᠤᠷ ᠲᠦᠪᠰᠢᠨ ᠤ ᠬᠢᠨᠠᠨ | ᠲᠣᠭᠲᠠᠭᠠᠯᠲᠠ ᠶᠢᠨ ᠮᠡᠳᠡᠭᠦᠯᠦᠯᠲᠡ ᠭᠠᠷᠭᠠᠭᠰᠠᠨ ᠪᠠᠶᠢᠨ᠎ᠠ᠃ ᠬᠤᠶᠠᠷ ᠲᠤ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ | ᠬᠤᠲᠠ ᠪᠠᠯᠭᠠᠰᠤᠨ ᠤ ᠬᠢᠮᠳᠠ ᠲᠦᠷᠢᠶᠡᠰᠦᠨ ᠬᠡᠷ ᠤᠨ ᠲᠦᠷᠢᠶᠡᠰᠦᠨ ᠮᠥᠩᠭᠦ ᠶᠢᠨ ᠨᠥᠬᠦᠪᠥᠷᠢ ᠨᠡᠶᠢᠲᠡ 903 | ᠡᠷᠦᠬᠡ ᠪᠠᠶᠢᠵᠤ᠂ 365715 ᠲᠥᠭᠦᠷᠢᠭ ᠤᠨ ᠪᠠᠯᠠ ᠮᠥᠩᠭᠦ ᠲᠠᠷᠬᠠᠭᠠᠪᠠ᠃ | ︵ᠵᠢᠷᠭᠤᠭ᠎ᠠ︶ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠠᠬᠢᠴᠠ ᠶᠢᠨ ᠪᠠᠶᠢᠳᠠᠯ | ᠨᠢᠭᠡ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ᠃ | ᠣᠳᠣᠬᠠᠨ ᠳᠤ ᠲᠠᠸᠠᠷ ᠤᠨ ᠬᠡᠷ ᠪᠠᠶᠢᠰᠢᠩ ᠢ 3 ᠬᠤᠪᠢ ᠤᠷᠢᠳᠴᠢᠯᠠᠨ ᠬᠤᠳᠠᠯᠳᠤᠬᠤ ᠶᠢ ᠭᠦᠶ᠋ᠴᠡᠳᠬᠡᠵᠦ᠂ | ᠲᠠᠸᠠᠷ ᠤᠨ ᠬᠡᠷ ᠪᠠᠶᠢᠰᠢᠩ ᠢ ᠰᠦᠯᠵᠢᠶᠡᠨ ᠳᠡᠭᠡᠷ᠎ᠡ 369 ᠬᠤᠪᠢ ᠳᠠᠩᠰᠠᠯᠠᠭᠤᠯᠵᠤ᠂ ᠲᠠᠸᠠᠷ ᠤᠨ ᠬᠡᠷ ᠪᠠᠶᠢᠰᠢᠩ ᠤᠨ | ᠭᠡᠷ᠎ᠡ ᠶᠢ 104 ᠬᠤᠪᠢ ᠶᠢ ᠨᠢ ᠬᠦᠴᠦᠨ ᠥᠬᠡᠶ ᠪᠣᠯᠭᠠᠪᠠ᠃ ᠬᠤᠶᠠᠷ ᠲᠤ ᠭᠡᠷ ᠪᠠᠶᠢᠰᠢᠩ ᠭᠠᠵᠠᠷ ᠬᠥᠷᠥᠩᠭᠡ ᠶᠢᠨ | ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ᠃ ᠪᠠᠶᠢᠭᠤᠯᠵᠤ ᠪᠠᠶᠢᠭ᠎ᠠ ᠲᠥᠷᠥᠯ ᠵᠦᠢᠯ 4 ᠪᠠᠶᠢᠵᠤ᠂ ᠲᠣᠰ ᠲᠣᠰ | ᠠᠷᠠᠳ ᠲᠤ ᠠᠰᠢᠭ ᠬᠦᠷᠲᠡᠭᠡᠬᠦ ᠭᠤᠷᠪᠠᠳᠤᠭᠠᠷ ᠬᠤᠭᠤᠴᠠᠭ᠎ᠠ᠂ ᠠᠨ ᠲᠠᠢ ᠬᠤᠸᠠ ᠹᠦ᠋᠂ ᠰᠢᠤᠸᠠᠢ ᠹᠦ᠋ ᠰᠢᠨ᠎ᠡ ᠬᠤᠲᠠ᠂ | ᠮᠢᠨ ᠠᠨ ᠭᠤᠷᠪᠠᠳᠤᠭᠠᠷ ᠬᠤᠭᠤᠴᠠᠭ᠎ᠠ ᠪᠣᠯᠤᠨ᠎ᠠ᠂ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ 35716.85 ᠲᠡᠭᠰᠢ | ᠳᠥᠷᠪᠡᠯᠵᠢᠨ ᠮᠧᠳ᠋ᠷ ᠪᠠᠶᠢᠵᠤ᠂ ᠴᠥᠮ ᠲᠠᠪᠤᠨ ᠦᠨᠡᠮᠯᠡᠯ ᠢ ᠭᠦᠢᠴᠡᠳᠬᠡᠵᠦ᠂ ᠭᠤᠤᠯ ᠴᠣᠭᠴᠠ ᠨᠢ ᠨᠢᠭᠡᠨᠲᠡ ᠪᠠᠷᠢᠯᠭ᠎ᠠ | ᠳᠠᠭᠤᠰᠴᠤ᠂ ᠵᠢᠱᠢᠯᠲᠡ ᠪᠠᠷ ᠡᠨᠡ ᠵᠢᠯ ᠤᠨ 12 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠪᠠᠷᠢᠯᠭ᠎ᠠ | ᠳᠠᠭᠤᠰᠬᠠᠨ᠎ᠠ᠃ ᠣᠳᠣᠬᠠᠨ ᠳᠤ ᠤᠬᠠᠭᠤᠯᠭ᠎ᠠ ᠶᠢᠨ ᠠᠵᠢᠯ ᠪᠣᠯᠤᠨ ᠲᠦᠷᠦ ᠶᠢᠨ ᠪᠤᠳᠤᠯᠭ᠎ᠠ ᠪᠠᠷ ᠬᠦᠳᠦᠯᠦᠨ | ᠵᠢᠯᠣᠭᠤᠳᠬᠤ ᠠᠵᠢᠯ ᠢ ᠰᠠᠶᠢᠲᠤᠷ ᠬᠢᠵᠦ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ ᠬᠠᠪᠰᠤᠷᠤᠨ ᠬᠥᠮᠥᠷᠭᠡ ᠶᠢᠨ | ᠬᠠᠳᠠᠭᠠᠯᠠᠯᠲᠠ ᠶᠢᠨ ᠭᠡᠷ ᠪᠠᠶᠢᠰᠢᠩ ᠢ ᠪᠣᠷᠣᠯᠠᠭᠤᠯᠵᠤ᠂ ᠭᠡᠷ ᠪᠠᠶᠢᠰᠢᠩ ᠤᠨ ᠠᠵᠤ ᠠᠬᠤᠶᠢᠯᠠᠯ ᠤᠨ ᠳᠠᠷᠤᠭᠠᠰᠤ ᠶᠢ | ᠬᠥᠩᠭᠡᠷᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠬᠥᠭᠵᠢᠬᠦ ᠶᠢ | ᠠᠬᠢᠭᠤᠯᠬᠤ ᠬᠡᠷᠡᠭᠲᠡᠢ᠃ ᠭᠤᠷᠪᠠ ᠳᠤ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠ | ᠭᠠᠷ ᠳᠠᠮᠵᠢᠭᠰᠠᠨ ᠣᠷᠣᠨ ᠰᠠᠭᠤᠴᠠ ᠶᠢᠨ ᠰᠦᠯᠵᠢᠶᠡᠨ ᠳᠤ ᠳᠠᠩᠰᠠᠯᠠᠭᠤᠯᠬᠤ ᠪᠠᠶᠢᠳᠠᠯ ᠮᠠᠨ ᠤ ᠰᠢᠶᠠᠨ ᠤ 8 ᠨᠡᠭᠡᠭᠡᠨ | ᠬᠥᠭᠵᠢᠭᠦᠯᠬᠦ ᠠᠵᠤ ᠠᠬᠤᠶᠢᠯᠠᠯ ᠨᠢᠭᠡᠨᠲᠡ ᠪᠦᠬᠦᠨ ᠢᠶᠠᠷ ᠢᠶᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ | ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠡᠷ᠎ᠡ ᠲᠣᠭᠲᠠᠭᠰᠠᠨ ᠪᠥᠭᠡᠳ ᠱᠠᠭᠠᠷᠳᠠᠯᠭ᠎ᠠ | ᠶᠣᠰᠣᠭᠠᠷ ᠬᠤᠯᠪᠣᠭᠳᠠᠯ ᠪᠦᠬᠦᠢ ᠪᠡᠯᠡ ᠮᠥᠩᠭᠦ ᠶᠢ ᠬᠢᠨᠠᠯᠲᠠ ᠬᠠᠮᠢᠶᠠᠷᠤᠯᠲᠠ ᠶᠢᠨ ᠳᠠᠩᠰᠠᠨ ᠳᠤ ᠬᠠᠳᠠᠭᠠᠯᠠᠵᠤ᠂ | ᠬᠤᠶᠢᠰᠢᠳᠠ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠠᠯᠬᠤᠮ ᠠᠯᠬᠤᠮ ᠢᠶᠠᠷ ᠵᠢᠷᠤᠮᠵᠢᠭᠤᠯᠬᠤ | ᠪᠣᠯᠤᠨ᠎ᠠ᠃ ᠣᠳᠣᠬᠠᠨ ᠳᠤ ᠭᠠᠷ ᠳᠠᠮᠵᠢᠭᠰᠠᠨ ᠣᠷᠣᠨ ᠰᠠᠭᠤᠴᠠ ᠶᠢᠨ ᠰᠦᠯᠵᠢᠶᠡᠨ ᠤ ᠭᠡᠷ᠎ᠡ ᠲᠣᠭᠲᠠᠬᠤ ᠶᠢᠨ | ᠳᠠᠩᠰᠠᠯᠠᠭᠤᠯᠬᠤ ᠰᠢᠰᠲ᠋ᠧᠮ ᠢ ᠨᠢᠭᠡᠨᠲᠡ ᠨᠡᠪᠲᠡᠷᠡᠭᠦᠯᠵᠦ᠂ ᠶᠠᠭ ᠰᠠᠶᠢᠬᠠᠨ ᠦᠯᠡᠳᠡᠭᠡᠯ ᠬᠡᠷ ᠪᠠᠶᠢᠰᠢᠩ ᠤᠨ | ᠠᠷᠠᠯᠵᠢᠶᠠᠨ ᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠤᠰᠬᠠᠶ ᠲᠠᠩᠰᠠᠨ ᠡᠷᠦᠬᠡ ᠶᠢ ᠭᠦᠢᠴᠡᠳᠭᠡᠵᠦ᠂ | ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠲᠠᠢ ᠵᠣᠬᠢᠴᠠᠭᠤᠯᠤᠨ ᠰᠤᠳᠤᠯᠤᠨ ᠬᠡᠷᠡᠭᠵᠢᠭᠦᠯᠬᠦ ᠶᠢᠨ | ᠬᠠᠮᠲᠤ ᠬᠡᠷ ᠪᠠᠶᠢᠰᠢᠩ ᠤᠨ ᠵᠠᠭᠤᠴᠢ ᠪᠠᠶᠢᠭᠤᠯᠤᠮᠵᠢ ᠲᠠᠢ ᠵᠥᠪᠳᠡᠯᠴᠡᠨ ᠭᠦᠶ᠋ᠴᠡᠳᠬᠡᠬᠦ ᠴᠤᠪᠤᠷᠠᠯ ᠤᠨ ᠶᠠᠪᠤᠳᠠᠯ ᠢ | ᠵᠥᠪᠳᠡᠯᠴᠡᠵᠦ᠂ ᠠᠷᠠᠯᠵᠢᠶᠠᠨ ᠤ ︽ᠭᠠᠷ ᠭᠠᠷ ᠢᠶᠠᠨ ᠬᠤᠯᠪᠣᠯᠴᠠᠬᠤ︾ ᠠᠴᠠ ᠭᠠᠳᠠᠨ᠎ᠠ᠂ ᠭᠠᠷ ᠳᠠᠮᠵᠢᠭᠰᠠᠨ ᠭᠠᠷ | ᠳᠠᠮᠵᠢᠭᠰᠠᠨ ᠬᠡᠷ ᠪᠠᠶᠢᠰᠢᠩ ᠤᠨ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠢ ᠳᠠᠩᠰᠠᠯᠠᠭᠤᠯᠬᠤ ᠲᠦᠷᠢᠮ ᠢ ᠶᠡᠬᠡᠪᠡᠷ | ᠬᠡᠷᠡᠭᠵᠢᠭᠦᠯᠵᠦ᠂ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ | ᠪᠠᠶᠢᠨ᠎ᠠ᠃ ᠳᠥᠷᠪᠡ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠤ ᠡᠷᠦᠶ ᠬᠤᠷᠤᠶ ᠦᠭᠡᠶ ᠦᠵᠡᠭᠳᠡᠯ ᠢ | ᠴᠡᠭᠴᠡᠯᠡᠨ ᠵᠠᠰᠠᠭᠰᠠᠨ ᠪᠠᠶᠢᠳᠠᠯ᠃ ︽ᠣᠷᠣᠵᠤ ᠰᠠᠭᠤᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ︾ ᠵᠢᠴᠢ ︽ᠨᠢᠭᠡ | ᠭᠡᠷ ᠢ ᠤᠯᠠᠨ ᠬᠤᠳᠠᠯᠳᠤᠬᠤ︾ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ᠂ ᠲᠤᠰᠬᠠᠢ ᠬᠥᠮᠦᠨ ᠢ ᠵᠣᠬᠢᠶᠠᠨ | ᠪᠠᠶᠢᠭᠤᠯᠤᠨ ᠪᠦᠬᠦ ᠰᠢᠶᠠᠨ ᠤ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ | ᠰᠦᠯᠵᠢᠶᠡᠨ ᠳᠡᠭᠡᠷ᠎ᠡ ᠳᠠᠩᠰᠠᠯᠠᠭᠤᠯᠬᠤ ᠲᠦᠷᠢᠮ ᠢ ᠬᠡᠷᠡᠭᠵᠢᠭᠦᠯᠵᠦ᠂ ᠣᠳᠣᠬᠠᠨ ᠳᠤ ︽ᠣᠷᠣᠵᠤ ᠰᠠᠭᠤᠬᠤ ᠳᠤ ᠬᠦᠴᠢᠷ᠂ | ᠪᠤᠴᠠᠵᠤ ᠨᠡᠭᠦᠬᠦ ᠳᠤ ᠬᠦᠴᠢᠷ︾ ᠪᠠ ︽ᠨᠢᠭᠡ ᠭᠡᠷ ᠢ ᠤᠯᠠᠨ ᠬᠤᠳᠠᠯᠳᠤᠬᠤ︾ ᠦᠵᠡᠭᠳᠡᠯ ᠢ ᠢᠯᠡᠷᠡᠭᠦᠯᠦᠭᠰᠡᠨ ᠦᠭᠡᠢ᠃ | | ︵ᠳᠤᠯᠤᠭ᠎ᠠ︶ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠪᠠᠶᠢᠳᠠᠯ | 2022 - 2024 ᠤᠨ ᠢᠶᠠᠷ ᠪᠥᠲᠥᠭᠡᠨ ᠪᠠᠶᠢᠭᠤᠯᠬᠤ ᠬᠤᠭᠤᠴᠠᠭ᠎ᠠ ᠪᠣᠯᠭᠠᠵᠤ᠂ ᠨᠢᠭᠡᠨᠲᠡ ᠪᠠᠶᠢᠭ᠎ᠠ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ | ᠥᠭᠡᠷᠡᠴᠢᠯᠡᠯᠲᠡ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢᠶᠠᠷ ᠳᠠᠮᠵᠢᠭᠤᠯᠤᠨ᠂ ᠮᠠᠨ ᠤ ᠰᠢᠶᠠᠨ ᠤ ᠠᠷᠢᠭᠤᠨ | ᠴᠡᠪᠡᠷ ᠳᠤᠯᠠᠭᠠᠯᠠᠭ᠎ᠠ ᠶᠢᠨ ᠠᠵᠢᠯ ᠤᠨ ᠡᠭᠦᠷᠭᠡ ᠶᠢ ᠳᠥᠯᠭᠢᠨ ᠠᠬᠢᠭᠤᠯᠤᠨ᠎ᠠ᠃ ᠪᠦᠲᠦᠭᠡᠨ ᠪᠠᠶᠢᠭᠤᠯᠤᠯᠲᠠ ᠶᠢᠨ | ᠰᠡᠭᠦᠯᠴᠢ ᠶᠢᠨ ᠬᠤᠭᠤᠴᠠᠭᠠᠨ ᠳᠤ᠂ ᠭᠤᠣᠯ ᠬᠤᠲᠠ ᠶᠢᠨ ᠲᠣᠭᠤᠷᠢᠭ᠂ ᠰᠢᠶᠠᠨ ᠤ ᠬᠤᠲᠠ ᠶᠢᠨ ᠢᠯᠴᠢ | ᠡᠭᠦᠰᠭᠡᠭᠴᠢ ᠶᠢ ᠴᠡᠪᠡᠷᠰᠢᠭᠦᠯᠦᠨ ᠥᠭᠡᠷᠡᠴᠢᠯᠡᠬᠦ ᠪᠠ ᠰᠤᠯᠠ ᠨᠡᠭᠦᠷᠡᠰᠦ ᠶᠢ ᠣᠷᠣᠯᠠᠭᠤᠯᠬᠤ ᠠᠵᠢᠯ ᠢ ᠪᠡᠶᠡᠯᠡᠭᠦᠯᠵᠦ᠂ | ᠠᠷᠢᠭᠤᠨ ᠴᠡᠪᠡᠷ ᠳᠤᠯᠠᠭᠠᠯᠠᠭ᠎ᠠ ᠶᠢᠨ ᠨᠣᠷᠮ᠎ᠠ ᠶᠢ 100% ᠳᠤ ᠬᠦᠷᠦᠭᠦᠯᠦᠨ᠎ᠡ︔ ᠪᠦᠲᠦᠭᠡᠨ ᠪᠠᠶᠢᠭᠤᠯᠤᠯᠲᠠ ᠶᠢᠨ | ᠰᠡᠭᠦᠯᠴᠢ ᠶᠢᠨ ᠬᠤᠭᠤᠴᠠᠭ᠎ᠠ ᠪᠣᠯᠬᠤ ᠳᠤ᠂ ᠭᠤᠣᠯ ᠬᠤᠲᠠ ᠶᠢᠨ ᠲᠣᠭᠤᠷᠢᠭ ᠲᠤ ᠡᠨᠧᠷᠭᠢ ᠠᠷᠪᠢᠯᠠᠬᠤ ᠪᠤᠰᠤ | ᠮᠥᠷᠲᠡᠭᠡᠨ ᠥᠭᠡᠷᠡᠴᠢᠯᠡᠬᠦ ᠦᠨ᠎ᠡ ᠥᠷᠲᠡᠭ ᠲᠠᠢ ᠪᠠᠷᠢᠯᠭ᠎ᠠ ᠶᠢ ᠪᠦᠬᠦᠨ ᠢ ᠡᠨᠧᠷᠭᠢ ᠠᠷᠪᠢᠯᠠᠬᠤ ᠥᠭᠡᠷᠡᠴᠢᠯᠡᠯᠲᠡ ᠶᠢ | ᠪᠡᠶᠡᠯᠡᠭᠦᠯᠵᠦ᠂ ᠰᠢᠶᠠᠨ ᠤ ᠬᠤᠲᠠ ᠶᠢ 90% ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ ᠨᠢᠭᠡᠨᠲᠡ ᠪᠠᠶᠢᠭ᠎ᠠ | ᠬᠥᠳᠡᠭᠡ ᠲᠣᠰᠬᠤᠨ ᠤ ᠭᠡᠷ ᠪᠠᠶᠢᠰᠢᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ | ᠠᠬᠢᠭᠤᠯᠤᠨ᠎ᠠ᠃ | ︵ᠨᠠᠢᠮᠠ︶ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠠᠳᠬᠤᠪᠠ | ᠨᠢᠭᠡ ᠳᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ | ᠪᠠᠶᠢᠴᠠᠭᠠᠯᠲᠠ ᠶᠢ ᠥᠷᠨᠢᠭᠦᠯᠪᠡ᠃ ᠠᠵᠢᠯ ᠡᠬᠢᠯᠡᠭᠦᠯᠦᠨ ᠠᠵᠢᠯ ᠰᠡᠷᠭᠦᠭᠡᠭᠰᠡᠨ ᠠᠴᠠ ᠨᠠᠰᠢ ᠮᠠᠨ ᠤ ᠲᠥᠪ ︽ᠠᠮᠤᠷ | ᠲᠦᠪᠰᠢᠨ ᠤ ᠡᠳᠦᠷ ᠤᠨ ᠲᠡᠮᠳᠡᠭᠯᠡᠯ︾ ᠤᠨ ᠲᠦᠷᠢᠮ ᠪᠠ ᠠᠵᠤ ᠠᠬᠤᠶᠢᠯᠠᠯ ᠤᠨ ︽ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠠᠭᠠᠳᠬᠠᠯ︾ ᠢ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠪᠠ᠃ 2024 ᠣᠨ ᠤ ᠳᠡᠭᠡᠷ᠎ᠡ | ᠬᠠᠭᠠᠰ ᠵᠢᠯ ᠳᠤ ᠦᠢᠯᠡᠴᠢᠯᠡᠭᠡᠨ ᠤ ᠲᠥᠷᠥᠯ ᠵᠦᠢᠯ ᠤᠨ ᠪᠥᠬᠦ ᠲᠤᠭ᠎ᠠ ᠨᠢ ᠨᠡᠶᠢᠲᠡ 8 ᠲᠥᠷᠥᠯ ᠵᠦᠢᠯ ᠪᠠᠶᠢᠵᠤ᠂ | ᠪᠥᠲᠥᠭᠡᠨ ᠪᠠᠶᠢᠭᠤᠯᠤᠯᠲᠠ ᠶᠢᠨ ᠲᠠᠯᠠᠪᠠᠶ ᠨᠢ 10.6 ᠲᠦᠮᠡᠨ ᠲᠡᠭᠰᠢ ᠳᠥᠷᠪᠡᠯᠵᠢᠨ ᠮᠧᠳ᠋ᠷ ᠪᠠᠶᠢᠵᠤ᠂ ᠮᠠᠨ ᠤ | ᠲᠥᠪ ᠠᠴᠠ ᠪᠠᠷᠢᠯᠭ᠎ᠠ ᠶᠢᠨ ᠭᠠᠵᠠᠷ ᠢ 27 ᠤᠳᠠᠭ᠎ᠠ ᠭᠦᠨᠵᠡᠭᠡᠶ ᠪᠠᠶᠢᠴᠠᠭᠠᠵᠤ᠂ 67 ᠵᠦᠢᠯ ᠢ ᠴᠡᠭᠴᠡᠯᠡᠨ | ᠰᠠᠶᠢᠵᠢᠷᠠᠭᠤᠯᠬᠤ ᠶᠢ ᠱᠠᠭᠠᠷᠳᠠᠪᠠ᠃ ᠨᠡᠶᠢᠲᠡ 13 ᠬᠤᠪᠢ ︽ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠢ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠶᠢ | ᠱᠠᠭᠠᠷᠳᠠᠭᠰᠠᠨ ᠶᠠᠰᠤ ᠴᠢᠨᠠᠷ ᠤᠨ ᠠᠮᠤᠷ ᠲᠦᠪᠰᠢᠨ ᠤ ᠬᠡᠮ ᠰᠣᠭᠤᠭ ᠤᠨ ᠠᠭᠤᠯᠭ᠎ᠠ ᠶᠢ ᠨᠢᠭᠡᠨᠲᠡ ᠪᠦᠬᠦᠨ ᠢ | ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃ ᠬᠤᠶᠠᠷ ᠲᠤ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠪᠠᠶᠢᠴᠠᠭᠠᠨ | ᠵᠢᠭᠰᠠᠭᠠᠬᠤ ᠶᠢ ᠪᠦᠬᠦ ᠲᠠᠯ᠎ᠠ ᠪᠠᠷ ᠡᠬᠢᠯᠡᠭᠦᠯᠵᠦ᠂ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠴᠠᠭ | ᠲᠤᠬᠠᠢ ᠳᠤᠨᠢ ᠠᠷᠢᠯᠭᠠᠬᠤ ᠬᠡᠷᠡᠭᠲᠡᠢ᠃ ᠪᠥᠬᠦ ᠰᠢᠶᠠᠨ ᠳᠤ ᠳᠠᠯᠳᠠ ᠬᠡᠮ ᠣᠷᠣᠰᠢᠵᠤ ᠪᠠᠶᠢᠭ᠎ᠠ ᠥᠪᠡᠰᠦᠪᠡᠨ ᠪᠠᠷᠢᠭᠰᠠᠨ | ᠬᠡᠷ ᠪᠠᠶᠢᠰᠢᠩ 420 ᠪᠠᠶᠢᠵᠤ᠂ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢᠨ ᠦᠨᠳᠦᠰᠦᠯᠡᠯ ᠭᠦᠶ᠋ᠴᠡᠳ ᠪᠠᠶᠢᠬᠤ | ᠤᠷᠢᠲᠠᠯ ᠳᠣᠤᠷ᠎ᠠ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠰᠦᠪᠡᠨ ᠪᠠᠷᠢᠭᠰᠠᠨ ᠬᠡᠷ ᠪᠠᠶᠢᠰᠢᠩ ᠤᠨ | ᠠᠮᠤᠷ ᠲᠦᠪᠰᠢᠨ ᠤ ᠬᠢᠨᠠᠨ ᠲᠣᠭᠲᠠᠭᠠᠯᠲᠠ ᠶᠢᠨ ᠡᠭᠦᠷᠭᠡ ᠬᠠᠷᠠᠯᠲᠠ ᠶᠢ ᠪᠡᠶᠡᠯᠡᠭᠦᠯᠦᠭᠰᠡᠨ ᠪᠥᠭᠡᠳ ᠡᠯ᠎ᠡ ᠰᠢᠶᠠᠩ | ᠪᠠᠯᠭᠠᠰᠤᠨ ᠤ ᠵᠢᠭᠰᠠᠭᠠᠨ ᠪᠠᠶᠢᠴᠠᠭᠠᠬᠤ ᠠᠵᠢᠯᠲᠠᠨ ᠪᠥᠬᠦ ᠤᠯᠤᠰ ᠤᠨ ᠥᠪᠡᠰᠦᠪᠡᠨ ᠪᠠᠷᠢᠭᠰᠠᠨ ᠬᠡᠷ ᠪᠠᠶᠢᠰᠢᠩ ᠢ | ᠴᠤᠭᠯᠠᠭᠤᠯᠬᠤ ᠲᠠᠪᠴᠠᠩ ᠳᠤ ᠳᠠᠮᠵᠢᠭᠤᠯᠪᠠ᠃ | ᠭᠤᠷᠪᠠ ᠳᠤ᠂ ᠤᠷᠢᠳᠴᠢᠯᠠᠨ ᠬᠤᠯᠢᠭᠰᠠᠨ ᠪᠧᠲ᠋ᠤᠨ ᠤ ᠪᠠᠶᠢᠴᠠᠭᠠᠨ ᠰᠢᠯᠭᠠᠬᠤ ᠲᠥᠪ ᠤᠨ ᠲᠣᠭᠤᠷᠢᠨ | ᠪᠠᠶᠢᠴᠠᠭᠠᠵᠤ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠤᠷᠢᠳᠴᠢᠯᠠᠨ ᠬᠤᠯᠢᠭᠰᠠᠨ ᠪᠧᠲ᠋ᠤᠨ ᠤ ᠦᠢᠯᠡᠳᠪᠦᠷᠢᠯᠡᠯ ᠪᠠ | ᠬᠡᠷᠡᠭᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠠᠷᠢᠶ᠎ᠠ ᠣᠷᠣᠨ ᠤ ᠳᠣᠲᠣᠷᠠᠬᠢ ᠬᠤᠳᠠᠯᠳᠤᠭᠠᠨ ᠤ | ᠬᠤᠯᠢᠮᠠᠭ ᠠᠵᠤ ᠠᠬᠤᠶᠢᠯᠠᠯ ᠤᠨ ᠲᠤᠷᠰᠢᠯᠲᠠ ᠶᠢᠨ ᠲᠠᠰᠤᠭ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠥᠪ ᠲᠤ | ᠭᠤᠷᠪᠠ ᠤᠳᠠᠭᠠᠨ ᠤ ᠲᠤᠰᠬᠠᠶ ᠪᠠᠶᠢᠴᠠᠭᠠᠯᠲᠠ ᠬᠢᠵᠦ᠂ ᠭᠤᠤᠯᠳᠠᠯᠭ᠎ᠠ ᠲᠠᠢ ᠪᠠᠶᠢᠴᠠᠭᠠᠬᠤ ᠲᠤᠷᠰᠢᠯᠲᠠ ᠶᠢᠨ ᠲᠠᠰᠤᠭ | ᠵᠢᠴᠢ ᠠᠵᠢᠯᠲᠠᠨ ᠤ ᠬᠢᠷᠢ ᠬᠡᠮ᠂ ᠬᠡᠮᠵᠢᠭᠦᠷᠯᠢᠭ ᠲᠥᠬᠦᠭᠡᠷᠦᠮᠵᠢ ᠶᠢ ᠪᠠᠶᠢᠴᠠᠭᠠᠨ ᠲᠣᠭᠲᠠᠭᠠᠬᠤ᠂ ᠶᠠᠰᠤ ᠴᠢᠨᠠᠷ ᠢ | ᠪᠠᠲᠤᠯᠠᠬᠤ ᠰᠢᠰᠲ᠋ᠧᠮ ᠤᠨ ᠠᠵᠢᠯᠯᠠᠭᠠᠨ ᠢ ᠥᠷᠨᠢᠭᠦᠯᠵᠦ᠂ ᠡᠯ᠎ᠡ ᠲᠤᠷᠰᠢᠯᠲᠠ ᠶᠢᠨ ᠲᠠᠰᠤᠭ ᠤᠨ ᠡᠵᠡᠩᠨᠡᠯᠲᠡ ᠬᠡᠪ ᠤᠨ | ᠪᠠᠶᠢᠵᠤ᠂ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠭᠰᠠᠨ ᠥᠬᠡᠶ᠂ ᠵᠢᠷᠤᠮᠵᠢᠯ ᠥᠬᠡᠶ ᠲᠤᠷᠰᠢᠯᠲᠠ ᠶᠢᠨ ᠲᠠᠰᠤᠭ ᠲᠤ | ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠪᠠ᠃ | ︵ᠶᠢᠰᠦ︶ ᠪᠠᠷᠢᠯᠭ᠎ᠠ ᠶᠢᠨ ᠠᠵᠢᠯ ᠲᠥᠷᠥᠯ ᠤᠨ ᠬᠠᠷᠢᠭᠤᠴᠠᠯᠭᠠᠲᠤ ᠭᠤᠣᠯ ᠴᠣᠭᠴᠠ ᠶᠢ ᠵᠢᠷᠤᠮᠵᠢᠭᠤᠯᠤᠨ᠂ | ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ | ᠮᠠᠨ ᠤ ᠰᠢᠶᠠᠨ ᠤ ᠪᠠᠷᠢᠯᠭ᠎ᠠ ᠶᠢᠨ ᠠᠵᠢᠯ ᠲᠥᠷᠥᠯ ᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢᠨ ᠭᠤᠤᠯ | ᠴᠣᠭᠴᠠ ᠶᠢᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠠᠨ ᠤ ᠰᠢᠶᠠᠨ ᠤ ᠪᠠᠷᠢᠯᠭ᠎ᠠ ᠶᠢᠨ | ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠮᠠᠨ ᠤ | ᠬᠤᠪᠢ ᠣᠷᠣᠭᠤᠯᠤᠭᠰᠠᠨ ᠲᠠᠰᠤᠭ ᠨᠢ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠶ᠋ᠯ ᠤᠨ ᠲᠤᠰᠬᠠᠶ | ᠪᠠᠶᠢᠴᠠᠭᠠᠯᠲᠠ ᠶᠢ ᠣᠯᠠᠨ ᠤᠳᠠᠭ᠎ᠠ ᠵᠣᠬᠢᠶᠠᠨ ᠪᠠᠶᠢᠭᠤᠯᠵᠤ᠂ ᠪᠠᠷᠢᠯᠭ᠎ᠠ ᠶᠢᠨ ᠲᠥᠷᠥᠯ ᠵᠦᠶ᠋ᠯ ᠤᠨ ᠭᠠᠵᠠᠷ ᠰᠢᠷᠣᠶ ᠶᠢᠨ | ᠭᠠᠷ ᠭᠦᠶ᠋ᠴᠡᠳᠬᠡᠯ᠂ ᠲᠥᠯᠥᠪᠵᠢᠭᠦᠯᠭᠡ ᠶᠢᠨ ᠵᠥᠪᠰᠢᠶᠡᠷᠡᠯ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠴᠤ | ᠰᠢᠯᠭᠠᠨ ᠠᠪᠴᠤ ᠳᠠᠩᠰᠠᠯᠠᠬᠤ ᠵᠡᠷᠭᠡ ᠪᠥᠲᠥᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠢ ᠭᠦᠶ᠋ᠴᠡᠳᠬᠡᠭᠰᠡᠨ | ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠪᠥᠲᠥᠭᠡᠨ ᠪᠠᠶᠢᠭᠤᠯᠬᠤ ᠲᠠᠰ ᠳᠠᠷᠠᠭᠠᠯᠠᠯ ᠠᠴᠠ ᠵᠥᠷᠢᠴᠡᠭᠰᠡᠨ᠂ ᠭᠠᠷᠳᠠᠮ | ᠥᠬᠡᠶ ᠪᠤᠶᠤ ᠭᠠᠷ ᠭᠦᠶ᠋ᠴᠡᠳᠬᠡᠯ ᠪᠦᠷᠢᠨ ᠪᠤᠰᠤ ᠪᠠᠷ ᠠᠵᠢᠯ ᠡᠬᠢᠯᠡᠭᠦᠯᠦᠭᠰᠡᠨ ᠦᠶ᠋ᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠶ᠋ᠳᠪᠦᠷᠢᠯᠡᠵᠦ᠂ ᠪᠥᠲᠥᠭᠡᠨ ᠪᠠᠶᠢᠭᠤᠯᠬᠤ ᠲᠠᠰ ᠳᠠᠷᠠᠭᠠᠯᠠᠯ ᠢ ᠲᠡᠭᠦᠯᠳᠡᠷᠵᠢᠭᠦᠯᠦᠭᠰᠡᠨ ᠥᠬᠡᠶ ᠪᠤᠶᠤ | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠲᠡᠭᠦᠨ ᠢ | ᠰᠢᠮᠳᠠᠭᠤᠯᠤᠨ ᠪᠥᠲᠥᠭᠡᠨ ᠪᠠᠶᠢᠭᠤᠯᠬᠤ ᠲᠠᠰ ᠳᠠᠷᠠᠭᠠᠯᠠᠯ ᠢ ᠲᠦᠷᠭᠡᠬᠡᠨ ᠲᠡᠭᠦᠯᠳᠡᠷᠵᠢᠭᠦᠯᠵᠦ᠂ ᠲᠣᠭᠲᠠᠭᠠᠯ ᠠᠴᠠ | ᠵᠥᠷᠢᠴᠡᠨ ᠪᠥᠲᠥᠭᠡᠨ ᠪᠠᠶᠢᠭᠤᠯᠬᠤ ᠦᠶ᠋ᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ | ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠬᠦ ᠬᠦᠴᠦᠨ ᠢ ᠴᠢᠩᠭᠠᠷᠠᠭᠤᠯᠪᠠ᠃ | ᠬᠥᠲᠥᠯᠦᠭᠴᠢ᠄ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠨᠢ ᠠᠷᠠᠳ ᠣᠯᠠᠨ ᠤ ᠠᠮᠢᠳᠤᠷᠠᠯ ᠲᠠᠢ ᠨᠢᠭᠲᠠ | ᠬᠤᠯᠪᠣᠭ᠎ᠠ ᠲᠠᠢ᠃ ᠰᠢᠤᠸᠠᠢ ᠲᠣᠪᠴᠢᠶᠠᠨ ᠳᠠᠷᠤᠭ᠎ᠠ ᠲᠠ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠢ | ᠲᠠᠨᠢᠯᠴᠠᠭᠤᠯᠤᠭᠠᠳ ᠥᠭᠭᠦᠨ᠎ᠡ ᠦᠦ︖ | ᠰᠢᠤᠸᠠᠶ ᠲᠤᠪᠴᠢᠶᠠᠨ ᠲᠠᠷᠤᠭ᠎ᠠ ᠵᠠ᠃ ᠠᠵᠤ ᠠᠬᠤᠶ ᠨᠡᠶᠢᠭᠡᠮ ᠤᠨ ᠲᠦᠷᠭᠡᠨ ᠬᠥᠭᠵᠢᠬᠦ ᠶᠢ ᠳᠠᠭᠠᠯᠳᠤᠨ᠂ ᠠᠳᠠᠯ | ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠤᠨ ᠲᠤᠬᠠᠶ ᠠᠷᠠᠳ ᠣᠯᠠᠨ ᠤ ᠱᠠᠭᠠᠷᠳᠠᠯᠭ᠎ᠠ ᠤᠯᠠᠮ ᠠᠴᠠ ᠤᠯᠠᠮ | ᠥᠨᠳᠥᠷ ᠪᠣᠯᠵᠣ᠂ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠴᠤ ᠠᠷᠠᠳ ᠣᠯᠠᠨ ᠤ ᠠᠩᠬᠠᠷᠤᠯ ᠤᠨ ᠲᠥᠪ ᠪᠠ | ᠬᠠᠯᠠᠭᠤᠨ ᠴᠡᠭ ᠪᠣᠯᠤᠭᠰᠠᠨ ᠪᠠᠶᠢᠨ᠎ᠠ᠃ ᠮᠠᠨ ᠤ ᠰᠢᠶᠠᠨ ᠳᠤ ᠣᠳᠣ 101 ᠰᠠᠭᠤᠭᠠᠯᠢ ᠲᠣᠭᠤᠷᠢᠭ ᠪᠠᠶᠢᠭᠤᠯᠵᠤ᠂ | ᠪᠠᠷᠢᠯᠭ᠎ᠠ ᠶᠢᠨ ᠲᠠᠯᠠᠪᠠᠶ ᠨᠢ 222 ᠲᠦᠮᠡᠨ ᠲᠡᠭᠰᠢ ᠳᠥᠷᠪᠡᠯᠵᠢᠨ ᠮᠧᠳ᠋ᠷ ᠪᠣᠯᠤᠨ᠎ᠠ᠃ 2020 ᠣᠨ ᠳᠤ᠂ ᠣᠷᠣᠨ | ᠰᠠᠭᠤᠴᠠ ᠶᠢᠨ ᠵᠢᠵᠢᠭ ᠲᠣᠭᠤᠷᠢᠭ ᠤᠨ ᠥᠮᠴᠢᠲᠡᠨ ᠤ ᠵᠥᠪᠯᠡᠯ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠤᠯᠠᠮ | ᠨᠢᠭᠡ ᠠᠯᠬᠤᠮ ᠪᠠᠳᠠᠷᠠᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯᠯᠠᠭ᠎ᠠ ᠶᠢᠨ ᠪᠠᠶᠢᠳᠠᠯ ᠢ ᠮᠡᠳᠡᠬᠦ ᠡᠷᠬᠡ᠂ | ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠬᠦ ᠶᠢᠨ ᠲᠤᠰᠠᠳᠠ᠂ ᠥᠮᠴᠢᠲᠡᠨ ᠤ | ᠥᠪᠡᠷᠲᠡᠭᠡᠨ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ︽ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠵᠢᠯᠣᠭᠤᠳᠴᠤ᠂ ᠰᠢᠶᠠᠩ ᠪᠠᠯᠭᠠᠰᠤ᠂ ᠨᠡᠶᠢᠭᠡᠮ ᠲᠣᠭᠤᠷᠢᠭ ᠢᠶᠠᠷ | ᠭᠤᠤᠯᠯᠠᠭᠤᠯᠤᠨ᠂ ᠥᠮᠴᠢᠲᠡᠨ ᠤ ᠳᠡᠮᠵᠢᠯᠭᠡ ᠶᠢ ᠳᠡᠮᠵᠢᠵᠦ᠂ ᠠᠵᠤ ᠠᠬᠤᠶᠢᠯᠠᠯ ᠪᠠ ᠠᠳᠠᠯ ᠠᠬᠤᠶ ᠶᠢᠨ ᠠᠵᠤ | ᠠᠬᠤᠶᠢᠯᠠᠯ ᠬᠠᠮᠵᠢᠯᠴᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠵᠢᠭ ᠲᠣᠭᠤᠷᠢᠭ ᠤᠨ ᠥᠮᠴᠢᠲᠡᠨ ᠤ ᠵᠥᠪᠯᠡᠯ | ᠪᠤᠶᠤ ᠠᠳᠠᠯ ᠠᠬᠤᠶ ᠶᠢᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠬᠤ ᠶᠢ ᠠᠬᠢᠭᠤᠯᠤᠨ᠎ᠠ᠃ ᠣᠳᠣᠬᠠᠨ ᠳᠤ᠂ ᠪᠥᠬᠦ | ᠰᠢᠶᠠᠨ ᠳᠤ ᠠᠳᠠᠯ ᠠᠬᠤᠶ ᠶᠢᠨ ᠺᠣᠮᠫᠠᠨᠢ 17 ᠪᠠᠶᠢᠵᠤ᠂ ᠠᠳᠠᠯ ᠠᠬᠤᠶ ᠶᠢᠨ ᠬᠠᠮᠢᠶᠠᠷᠤᠯᠲᠠ ᠲᠠᠢ ᠵᠢᠵᠢᠭ ᠲᠣᠭᠤᠷᠢᠭ | 48 ᠪᠠᠶᠢᠵᠤ᠂ ᠨᠡᠶᠢᠭᠡᠮ ᠲᠣᠭᠤᠷᠢᠭ ᠤᠨ ᠨᠠᠶᠢᠳᠠᠨ ᠬᠠᠮᠢᠶᠠᠷᠤᠭᠤᠯᠬᠤ ᠵᠢᠴᠢ ᠥᠮᠴᠢᠲᠡᠨ ᠤ ᠥᠪᠡᠰᠦᠪᠡᠨ ᠬᠠᠮᠢᠶᠠᠷᠴᠤ | ᠪᠠᠶᠢᠭ᠎ᠠ ᠵᠢᠵᠢᠭ ᠲᠣᠭᠤᠷᠢᠭ 54 ᠪᠠᠶᠢᠵᠤ᠂ ᠥᠮᠴᠢᠲᠡᠨ ᠤ ᠵᠥᠪᠯᠡᠯ ᠪᠤᠶᠤ ᠠᠳᠠᠯ ᠠᠬᠤᠶ ᠶᠢᠨ ᠬᠠᠮᠢᠶᠠᠷᠤᠯᠲᠠ ᠶᠢᠨ | ᠵᠥᠪᠯᠡᠯ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠲᠤᠰᠬᠠᠶ ᠠᠳᠠᠯ ᠠᠬᠤᠶ ᠶᠢᠨ ᠦᠶ᠋ᠯᠡᠴᠢᠯᠡᠭᠡᠨ ᠤ ᠬᠠᠮᠢᠶᠠᠷᠤᠯᠲᠠ ᠶᠢᠨ | ᠪᠦᠷᠬᠦᠴᠡ ᠶᠢᠨ ᠨᠣᠷᠮ᠎ᠠ 47 % ᠳᠤ ᠬᠦᠷᠴᠡᠶ᠃ ᠵᠠᠯᠭᠠᠭᠠᠳ᠂ ᠪᠢᠳᠡ ᠠᠯᠬᠤᠮ ᠠᠯᠬᠤᠮ ᠢᠶᠠᠷ ᠠᠷᠭ᠎ᠠ ᠬᠡᠮᠵᠢᠶ᠎ᠡ | ᠠᠪᠴᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠬᠤᠯᠪᠣᠭᠠᠯᠠᠨ | ᠬᠥᠳᠡᠯᠦᠯᠴᠡᠬᠦ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠳᠠᠯ ᠠᠬᠤᠶ ᠶᠢᠨ ᠠᠵᠤ | ᠠᠬᠤᠶᠢᠯᠠᠯ ᠤᠨ ᠢᠯᠡ ᠪᠠᠷ ᠦᠢᠯᠡᠴᠢᠯᠡᠬᠦ ᠶᠢ ᠰᠢᠮᠳᠠᠭᠤᠯᠤᠨ᠂ ᠠᠳᠠᠯ ᠠᠬᠤᠶ ᠶᠢᠨ ᠠᠵᠤ ᠠᠬᠤᠶᠢᠯᠠᠯ ᠤᠨ ᠬᠢᠨᠠᠯᠲᠠ | ᠬᠠᠮᠢᠶᠠᠷᠤᠯᠲᠠ ᠶᠢᠨ ᠡᠷᠴᠢᠮ ᠢ ᠪᠥᠬᠦ ᠲᠠᠯ᠎ᠠ ᠪᠠᠷ ᠴᠢᠩᠭᠠᠷᠠᠭᠤᠯᠵᠤ᠂ ᠠᠳᠠᠯ ᠠᠬᠤᠶ ᠶᠢᠨ ᠭᠤᠤᠯ ᠴᠣᠭᠴᠠ ᠶᠢᠨ | ᠤᠬᠠᠮᠰᠠᠷᠲᠤ ᠤᠬᠠᠮᠰᠠᠷ ᠢ ᠴᠢᠩᠭᠠᠷᠠᠭᠤᠯᠤᠨ᠂ ᠠᠳᠠᠯ ᠠᠬᠤᠶ ᠶᠢᠨ ᠠᠵᠢᠯ ᠲᠥᠷᠥᠯ ᠤᠨ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠤᠨ᠎ᠠ᠃ | ᠬᠥᠲᠥᠯᠥᠭᠴᠢ ᠰᠢᠤᠸᠠᠶ ᠲᠤᠪᠴᠢᠶᠠᠨ ᠲᠠᠷᠤᠭ᠎ᠠ ᠡ᠂ ᠲᠤᠤᠷ᠎ᠠ ᠬᠠᠭᠠᠰ ᠵᠢᠯ ᠳᠤ ᠤᠷᠤᠨ ᠰᠠᠭᠤᠴᠠ ᠬᠤᠲᠠ | ᠬᠦᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠶᠠᠮᠠᠷ ᠳᠦᠰᠦᠪ ᠲᠠᠢ ᠪᠤᠯ ᠲᠠ ᠲᠠᠨᠢᠯᠴᠠᠭᠤᠯᠤᠭᠠᠳ | ᠥᠭᠭᠦᠭᠡᠷᠡᠶ᠃ | ᠰᠢᠤᠸᠠᠶ ᠲᠤᠪᠴᠢᠶᠠᠨ ᠲᠠᠷᠤᠭ᠎ᠠ ᠵᠠ᠃ ᠳᠣᠣᠷ᠎ᠠ ᠬᠠᠭᠠᠰ ᠵᠢᠯ ᠳᠤ᠂ ᠪᠢᠳᠡ ᠰᠢᠶᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠦᠬᠦ ᠵᠢᠯ ᠤᠨ ᠡᠭᠦᠷᠭᠡ ᠬᠠᠷᠠᠯᠲᠠ ᠲᠠᠢ | ᠬᠠᠷᠢᠴᠠᠭᠤᠯᠵᠤ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ | ᠬᠦ ᠪᠠᠲᠤᠯᠠᠨ᠎ᠠ᠃ ︵ᠨᠢᠭᠡ︶ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠃ ᠨᠢᠭᠡ ᠳᠤ᠂ | ᠨᠠᠮ ᠤᠨ ᠡᠭᠦᠷ ᠤᠨ ᠰᠤᠷᠤᠯᠴᠠᠯᠭ᠎ᠠ ᠬᠥᠮᠦᠵᠢᠯ ᠳᠤᠮᠳᠠᠬᠢ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠢᠳᠡᠪᠬᠢᠲᠡᠢ ᠵᠣᠬᠢᠶᠠᠨ | ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠢ ᠪᠣᠳᠠᠲᠠᠢ ᠠᠳᠬᠤᠬᠤ ᠶᠢᠨ ᠬᠠᠮᠲᠤ | ᠪᠦᠬᠦ ᠺᠠᠳ᠋ᠷ ᠠᠵᠢᠯᠳᠠᠨ ᠠᠵᠢᠯᠴᠢᠨ ᠢ ᠨᠥᠯᠥᠭᠡᠯᠡᠨ ᠲᠠᠶᠢᠴᠢᠯᠠᠨ᠎ᠠ᠃ ᠬᠤᠶᠠᠷ ᠲᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠢ ᠴᠢᠩᠳᠠᠯᠠᠨ᠎ᠠ᠃ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ | ᠰᠢᠯᠢᠳᠡᠭᠵᠢᠭᠦᠯᠵᠦ᠂ ᠠᠮᠢᠳᠤᠷᠠᠯ ᠤᠨ ᠬᠤᠷᠠᠯ ᠢ ᠵᠣᠬᠢᠶᠠᠨ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ | ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ | ᠤᠳᠤᠷᠢᠳᠬᠤ ᠬᠦᠴᠦᠨ᠂ ᠦᠵᠡᠯ ᠰᠠᠨᠠᠭᠠᠨ ᠤ ᠬᠦᠳᠦᠯᠦᠨ ᠳᠠᠭᠠᠭᠤᠯᠬᠤ ᠬᠦᠴᠦᠨ᠂ ᠤᠯᠠᠨ ᠲᠦᠮᠡᠨ ᠤ ᠨᠢᠭᠲᠠᠷᠠᠯ ᠤᠨ | ᠬᠦᠴᠦᠨ ᠪᠠ ᠨᠡᠶᠢᠭᠡᠮ ᠤᠨ ᠤᠷᠢᠶᠠᠯᠠᠬᠤ ᠬᠦᠴᠦᠨ ᠢ ᠴᠢᠩᠭᠠᠷᠠᠭᠤᠯᠤᠨ᠎ᠠ᠃ ᠭᠤᠷᠪᠠ ᠳᠤ᠂ ᠨᠠᠮ ᠤᠨ ᠭᠡᠰᠢᠭᠦᠨ ᠢ | ᠬᠥᠮᠦᠵᠢᠭᠦᠯᠬᠦ ᠶᠢ ᠴᠢᠩᠭᠠᠳᠬᠠᠵᠤ᠂ ᠴᠢᠳᠠᠪᠤᠷᠢ ᠲᠠᠢ᠂ ᠡᠭᠦᠷᠭᠡᠯᠡᠯ ᠲᠠᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ | ᠬᠡᠪ ᠴᠢᠨᠠᠷ ᠢᠶᠠᠷ ᠥᠨᠳᠥᠷ ᠺᠠᠳ᠋ᠷ ᠢ ᠴᠠᠭ ᠲᠤᠬᠠᠢ ᠳᠤᠨᠢ ᠢᠯᠡᠷᠡᠭᠦᠯᠦᠨ ᠬᠥᠭᠵᠢᠭᠦᠯᠬᠦ ᠶᠢᠨ ᠬᠠᠮᠲᠤ ᠨᠠᠮ ᠤᠨ | ᠭᠡᠰᠢᠭᠦᠨ ᠤ ᠡᠩᠨᠡᠭᠡ ᠳᠤ ᠣᠷᠣᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ | ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ | ᠬᠡᠷᠡᠭᠲᠡᠢ᠃ | ︵ᠬᠤᠶᠠᠷ︶ ᠨᠠᠮ ᠤᠨ ᠰᠤᠷᠲᠠᠯ ᠤᠨ ᠪᠠᠶᠢᠭᠤᠯᠤᠯᠲᠠ ᠠᠷᠢᠭᠤᠨ ᠴᠢᠭᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠃ ᠨᠢᠭᠡ ᠳᠤ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠨ᠎ᠠ᠃ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠤᠯᠠᠮ | ᠨᠢᠭᠡ ᠠᠯᠬᠤᠮ ᠴᠢᠩᠭᠠᠳᠬᠠᠨ ᠴᠢᠬᠤᠯᠠᠴᠢᠯᠠᠵᠤ᠂ ᠪᠠᠶᠢᠭᠤᠯᠤᠯᠭ᠎ᠠ ᠶᠢᠨ ᠰᠤᠷᠲᠠᠯ ᠤᠨ ᠪᠠᠶᠢᠭᠤᠯᠤᠯᠲᠠ᠂ ᠳᠦᠷᠢᠮ ᠤᠨ | ᠪᠠᠶᠢᠭᠤᠯᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ | ᠵᠡᠷᠭᠡ ᠳᠤ ᠪᠣᠳᠠᠲᠠᠶ ᠪᠠᠶᠢᠷᠢᠯᠠᠭᠤᠯᠤᠯᠲᠠ ᠬᠢᠬᠦ ᠬᠡᠷᠡᠭᠲᠡᠶ᠃ ᠤᠳᠤᠷᠢᠳᠬᠤ ᠪᠠᠭ ︽ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠋᠎ᠠ ᠬᠡᠷᠡᠭᠵᠢᠭᠦᠯᠦᠨ᠎ᠡ᠃ ᠬᠤᠶᠠᠷ ᠲᠤ᠂ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠬᠡᠪ ᠴᠢᠨᠠᠷ ᠤᠨ ᠪᠠᠶᠢᠭᠤᠯᠤᠯᠲᠠ ᠪᠠ ᠤᠨᠤᠯ ᠢᠶᠠᠷ | ᠵᠡᠪᠰᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠳᠤᠷᠢᠳᠬᠤ ᠪᠠᠭ ᠤᠨ ᠪᠦᠷᠢᠯᠳᠦᠬᠦᠨ᠂ ᠲᠠᠰᠤᠭ ᠤᠨ | ᠬᠠᠷᠢᠭᠤᠴᠠᠯᠭᠠᠲᠠᠨ ᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠲᠦᠷᠢᠮ ᠢ ᠲᠡᠭᠦᠯᠳᠡᠷᠵᠢᠭᠦᠯᠬᠦ ᠶᠢᠨ ᠬᠠᠮᠲᠤ ᠲᠦᠷᠢᠮ ᠢ ᠴᠢᠩᠭ᠎ᠠ | ᠵᠢᠷᠤᠮᠯᠠᠨ ᠠᠵᠢᠯᠯᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠪᠠ᠃ ᠭᠤᠷᠪᠠ ᠳᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠰᠡᠳᠬᠢᠯ ᠤᠨ ᠦᠭᠡ ᠪᠠᠨ ᠶᠠᠷᠢᠯᠴᠠᠬᠤ | ᠳᠦᠷᠢᠮ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠣᠨ ᠤ | ᠬᠠᠷᠢᠭᠤᠴᠠᠯᠭ᠎ᠠ ᠶᠢ ᠲᠣᠭᠲᠠᠭᠠᠵᠤ᠂ ᠴᠢᠬᠡᠴᠢ ᠵᠠᠰᠠᠭ ᠤᠨ ᠠᠮᠠᠯᠠᠯᠲᠠ ᠳᠤ ᠭᠠᠷ ᠤᠨ ᠦᠰᠦᠭ ᠵᠢᠷᠤᠵᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠬᠤᠯᠪᠣᠭᠳᠠᠯ ᠪᠦᠬᠦᠢ ᠳᠦᠷᠢᠮ ᠤᠨ ᠱᠠᠭᠠᠷᠳᠠᠯᠭ᠎ᠠ ᠶᠢ ᠴᠠᠭ ᠲᠤᠬᠠᠶ ᠳᠤᠨᠢ ᠤᠯᠠᠮᠵᠢᠯᠠᠨ | ᠰᠤᠷᠤᠯᠴᠠᠪᠠ᠃ | ︵ᠭᠤᠷᠪᠠ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠬᠤᠸᠠᠳᠧ | ᠰᠢᠶᠠᠨ ᠤ ︽ᠳᠤᠯᠠᠭᠠᠨ ᠢᠨᠵᠧᠨᠧᠷᠢᠩ︾ ᠤᠨ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠬᠤᠸᠠᠳᠧ ᠰᠢᠶᠠᠨ ᠤ | ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ | ᠵᠢᠱᠢᠯᠲᠡ ᠪᠠᠷ ᠡᠨᠡ ᠵᠢᠯ ᠤᠨ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠵᠤ ᠳᠠᠭᠤᠰᠬᠠᠨ᠎ᠠ᠃ ᠴᠠᠩ ᠱᠦᠨ | ᠪᠠᠯᠭᠠᠰᠤᠨ ᠤ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢ ᠳᠡᠰ ᠳᠡᠪᠰᠢᠭᠦᠯᠦᠨ ᠥᠭᠡᠷᠡᠴᠢᠯᠡᠬᠦ | ᠢᠨᠵᠧᠨᠧᠷᠢᠩ ᠤᠨ ᠭᠠᠷᠳᠠᠮ ᠢ ᠭᠦᠢᠴᠡᠳᠭᠡᠬᠦ ᠶᠢ ᠲᠦᠷᠭᠡᠳᠬᠡᠵᠦ᠂ ᠵᠢᠯ ᠤᠨ ᠡᠴᠦᠰ ᠲᠤ ᠠᠵᠢᠯ ᠳᠠᠭᠤᠰᠬᠠᠬᠤ ᠶᠢ | ᠦᠨᠡᠨᠬᠦ ᠪᠠᠲᠤᠯᠠᠨ᠎ᠠ᠃ ᠰᠢᠲᠠᠮᠠᠬᠠᠶ ᠬᠡᠢ ᠶᠢᠨ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠤᠨ ᠠᠬᠢᠴᠠ ᠶᠢ | ᠲᠦᠯᠬᠢᠨ ᠠᠬᠢᠭᠤᠯᠵᠤ᠂ ᠪᠠᠷᠢᠯᠭ᠎ᠠ ᠶᠢ ᠤᠷᠤᠭᠰᠢᠲᠠᠶ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠭᠤᠴᠢᠨ ᠪᠠ | ᠬᠠᠭᠤᠴᠢᠷᠠᠭᠰᠠᠨ ᠲᠣᠭᠤᠷᠢᠭ᠂ ᠴᠡᠪᠡᠷ ᠡᠨᠧᠷᠭᠢ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠲᠦᠷᠭᠡᠬᠡᠨ ᠪᠠᠷᠢᠯᠭ᠎ᠠ | ᠳᠠᠭᠤᠰᠬᠠᠬᠤ ᠶᠢ ᠰᠢᠮᠳᠠᠭᠤᠯᠵᠤ᠂ ᠣᠯᠠᠨ ᠲᠦᠮᠡᠨ ᠳᠤ ᠡᠷᠲᠡᠬᠡᠨ ᠦᠢᠯᠡᠴᠢᠯᠡᠭᠡ ᠬᠠᠩᠭᠠᠬᠤ ᠬᠡᠷᠡᠭᠲᠡᠶ᠃ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠨᠥᠬᠦᠪᠥᠷᠢ ᠣᠯᠭᠤᠬᠤ ᠬᠠᠮᠢᠶᠠᠷᠤᠯᠲᠠ ᠶᠢᠨ ᠡᠷᠴᠢᠮ ᠢ | ᠴᠢᠩᠭᠠᠷᠠᠭᠤᠯᠵᠤ᠂ ᠤᠯᠠᠷᠢᠯ ᠤᠨ ᠳᠠᠬᠢᠨ ᠬᠢᠨᠠᠬᠤ ᠳᠦᠷᠢᠮ ᠢ ᠬᠢᠨᠠᠮᠠᠭᠠᠶ ᠬᠡᠷᠡᠭᠵᠢᠭᠦᠯᠵᠦ᠂ ᠪᠠᠲᠤᠯᠠᠭ᠎ᠠ ᠶᠢᠨ | ᠨᠥᠬᠦᠴᠡᠯ ᠳᠤ ᠨᠡᠶᠢᠴᠡᠬᠦ ᠭᠡᠷ ᠪᠦᠯᠢ ᠶᠢ ᠴᠠᠭ ᠲᠤᠬᠠᠶ ᠳᠤᠨᠢ ᠪᠠᠲᠤᠯᠠᠵᠤ᠂ ᠪᠠᠲᠤᠯᠠᠬᠤ ᠬᠡᠪᠴᠢᠶ᠎ᠡ ᠶᠢ ᠨᠢ ᠥᠷᠭᠡᠳᠬᠡᠨ᠂ | ᠦᠨᠡᠨᠬᠦ ᠬᠦᠴᠢᠷᠳᠡᠯᠲᠡᠶ ᠭᠡᠷ ᠪᠦᠯᠢ ᠳᠤ ᠪᠠᠲᠤᠯᠠᠪᠠᠰᠤ ᠵᠣᠬᠢᠬᠤ ᠶᠢ ᠨᠢ ᠠᠯᠢ ᠪᠣᠯᠬᠤᠶᠢᠴᠠ ᠪᠠᠲᠤᠯᠠᠬᠤ ᠬᠡᠷᠡᠭᠲᠡᠶ᠃ | ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠶ᠋ᠳᠪᠦᠷᠢᠯᠡᠬᠦ ᠰᠢᠰᠲ᠋ᠧᠮ ᠤᠨ | ᠪᠦᠷᠬᠦᠴᠡ ᠶᠢᠨ ᠨᠣᠷᠮ᠎ᠠ ᠶᠢ ᠲᠦᠷᠭᠡᠳᠬᠡᠬᠦ ᠶᠢᠨ ᠲᠥᠯᠥᠭᠡ᠂ ᠣᠳᠣᠬᠠᠨ ᠳᠤ ᠮᠠᠨ ᠤ ᠰᠢᠶᠠᠨ ᠳᠣᠯᠣᠳᠤᠭᠠᠷ ᠪᠠᠯᠭᠠᠰᠤ | ᠪᠣᠯᠤᠨ ᠭᠦᠨᠤᠯᠠᠭᠠᠨᠬᠤᠳᠳᠤᠭ ᠰᠢᠶᠠᠩ ᠳᠤ ᠲᠣᠰ ᠲᠣᠰ ᠰᠢᠯᠵᠢᠮᠡᠯ ᠣᠶᠤᠨᠴᠢ ᠨᠢᠭᠡ ᠴᠣᠭᠴᠠᠵᠢᠭᠰᠠᠨ ᠬᠤᠭ | ᠨᠣᠪᠰᠢ ᠶᠢ ᠥᠨᠳᠥᠷ ᠳᠤᠯᠠᠭᠠᠨ ᠳᠤ ᠬᠠᠯᠠᠭᠤᠨ ᠢᠯᠴᠢ ᠰᠢᠶ᠋ᠳᠪᠦᠷᠢᠯᠡᠬᠦ ᠲᠥᠬᠦᠭᠡᠷᠦᠮᠵᠢ ᠬᠤᠳᠠᠯᠳᠤᠨ ᠠᠪᠴᠤ | ᠪᠠᠶᠢᠨ᠎ᠠ᠃ | ︵ᠳᠥᠷᠪᠡ)ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠨᠡᠮᠡᠭᠳᠡᠭᠦᠯᠦᠨ᠎ᠡ᠃ ᠠᠶᠤᠯ ᠦᠭᠡᠶ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠢᠳᠡᠪᠬᠢᠲᠡᠶ ᠥᠷᠨᠢᠭᠦᠯᠦᠨ᠂ ᠢᠯᠴᠢ ᠬᠠᠩᠭᠠᠬᠤ᠂ ᠰᠢᠲᠠᠮᠠᠬᠠᠶ ᠬᠡᠢ ᠶᠢᠨ | ᠠᠵᠤ ᠠᠬᠤᠶᠢᠯᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ | ᠳᠡᠯᠭᠡᠭᠦᠷ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ | ᠳᠡᠯᠭᠡᠭᠦᠷ ᠤᠨ ᠡᠮᠬᠢ ᠲᠢᠭᠯᠢᠮ ᠢ ᠵᠢᠷᠤᠮᠵᠢᠭᠤᠯᠤᠨ᠂ ᠣᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠦᠨᠡᠨᠬᠦ | ᠬᠠᠮᠠᠭᠠᠯᠠᠬᠤ ᠬᠡᠷᠡᠭᠲᠡᠢ᠃ ᠠᠳᠠᠯ ᠠᠬᠤᠢ ᠶᠢᠨ ᠠᠵᠢᠯ ᠲᠦᠷᠦᠯ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ | ᠵᠢᠷᠤᠮᠵᠢᠭᠤᠯᠵᠤ᠂ ᠬᠠᠭᠤᠴᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠲᠦᠯᠬᠢᠨ ᠠᠬᠢᠭᠤᠯᠬᠤ | ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠬᠠᠶᠢᠨ ᠰᠦᠪᠡᠭᠴᠢᠯᠡᠵᠦ᠂ ᠬᠠᠭᠤᠴᠢᠨ ᠪᠠ ᠬᠠᠭᠤᠴᠢᠷᠠᠭᠰᠠᠨ | ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠤᠷᠮ᠎ᠠ ᠶᠢ | ᠳᠡᠭᠡᠭᠰᠢᠯᠡᠭᠦᠯᠦᠨ᠂ ᠲᠤᠰᠬᠠᠶᠢᠵᠢᠭᠰᠠᠨ᠂ ᠨᠡᠶᠢᠭᠡᠮᠴᠢᠯᠡᠭᠰᠡᠨ᠂ ᠵᠠᠬ᠎ᠠ ᠳᠡᠯᠭᠡᠭᠦᠷᠴᠢᠯᠡᠭᠰᠡᠨ ᠠᠳᠠᠯ ᠠᠬᠤᠢ ᠶᠢᠨ | ᠬᠠᠮᠢᠶᠠᠷᠤᠯᠲᠠ ᠪᠠᠷ ᠭᠤᠤᠯ ᠪᠤᠯᠭᠠᠵᠤ᠂ ᠦᠮᠴᠢᠲᠡᠨ ︵ᠦᠮᠴᠢᠲᠡᠳ ᠤᠨ ᠵᠦᠪᠯᠡᠯ︶ ᠢ ᠠᠯᠬᠤᠮ ᠠᠯᠬᠤᠮ ᠢᠶᠠᠷ | ᠪᠠᠶᠢᠭᠤᠯᠤᠨ᠎ᠠ︶ ᠥᠪᠡᠷᠲᠡᠭᠡᠨ ᠵᠠᠰᠠᠬᠤ ᠬᠠᠮᠢᠶᠠᠷᠤᠯᠲᠠ᠂ ᠨᠡᠶᠢᠭᠡᠮ ᠲᠣᠭᠤᠷᠢᠭ ᠤᠨ ᠬᠠᠮᠵᠢᠯᠴᠠᠨ ᠬᠠᠮᠢᠶᠠᠷᠬᠤ ᠪᠠᠷ | ᠬᠠᠪᠰᠤᠷᠤᠮᠵᠢ ᠪᠣᠯᠭᠠᠭᠰᠠᠨ ᠣᠯᠠᠨ ᠵᠦᠢᠯ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠵᠠᠭᠪᠤᠷ ᠢ ᠪᠦᠬᠦ ᠰᠢᠶᠠᠨ ᠤ | ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠲᠦᠷᠭᠡᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠬᠥᠲᠥᠯᠥᠭᠴᠢ᠄ ᠰᠢᠤᠸᠠᠢ ᠲᠣᠪᠴᠢᠶᠠᠨ ᠳᠠᠷᠤᠭ᠎ᠠ ᠳᠤ ᠲᠠᠯᠠᠷᠬᠠᠵᠤ ᠪᠠᠶᠢᠨ᠎ᠠ᠂ ᠰᠢᠤᠸᠠᠢ ᠲᠣᠪᠴᠢᠶᠠᠨ | ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠪᠠᠷ ᠳᠠᠮᠵᠢᠨ᠂ ᠪᠢᠳᠡ ᠬᠤᠸᠠᠳᠧ ᠰᠢᠶᠠᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠠᠩ ᠭᠦᠨᠵᠡᠭᠡᠶ ᠣᠶᠢᠯᠠᠭᠠᠭᠤᠯᠬᠤ ᠶᠢᠨ ᠬᠠᠮᠲᠤ | ᠬᠤᠸᠠᠳᠧ ᠶᠢᠨ ᠢᠷᠡᠭᠡᠳᠦᠶ ᠶᠢᠨ ᠬᠥᠭᠵᠢᠯᠲᠡ ᠳᠤ ᠢᠲᠡᠭᠡᠯ ᠲᠡᠭᠦᠯᠳᠡᠷ ᠪᠠᠶᠢᠨ᠎ᠠ ᠭᠡᠪᠡ᠃ ᠥᠨᠥᠳᠥᠷ ᠤᠨ | ᠰᠤᠷᠪᠤᠯᠵᠢᠯᠠᠭ᠎ᠠ ᠳᠠᠷᠤᠢ ᠠᠳᠡ ᠢᠷᠡᠵᠡᠢ᠃ ᠰᠢᠤᠸᠠᠢ ᠲᠣᠪᠴᠢᠶᠠᠨ ᠳᠠᠷᠤᠭ᠎ᠠ ᠶᠢᠨ ᠪᠢᠳᠡᠨ ᠤ ᠰᠤᠷᠪᠤᠯᠵᠢᠯᠠᠭ᠎ᠠ ᠳᠤ | ᠮᠠᠰᠢ ᠲᠠᠯᠠᠷᠬᠠᠵᠤ ᠪᠠᠶᠢᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠭᠰᠠᠨ ᠳᠤ | ᠲᠠᠯᠠᠷᠬᠠᠵᠤ ᠪᠠᠶᠢᠨ᠎ᠠ︕ | ᠰᠢᠤᠸᠠᠶ ᠲᠤᠪᠴᠢᠶᠠᠨ ᠲᠠᠷᠤᠭ᠎ᠠ ᠵᠠᠰᠠᠭ ᠤᠨ ᠤᠷᠲᠤᠨ ᠤ ᠰᠦᠯᠵᠢᠶ᠎ᠠ ᠶᠢᠨ ᠡᠨᠡ ᠭᠦ ᠲᠡᠪᠴᠠᠩ ᠳᠤ ᠲᠠᠯᠠᠷᠬᠠᠯ᠎ᠠ᠂ | ᠰᠦᠯᠵᠢᠶᠡᠨ ᠠᠨᠳᠠ ᠨᠠᠷ ᠲᠤ ᠲᠠᠯᠠᠷᠬᠠᠯ᠎ᠠ᠂ ᠮᠠᠨ ᠤ ᠠᠵᠢᠯ ᠳᠤ ᠨᠠᠨᠳᠢᠨ ᠰᠠᠨᠠᠯ ᠲᠤᠷᠠᠳᠬᠤ ᠶᠢ ᠪᠠᠶᠠᠷᠯᠠᠨ ᠤᠭᠲᠤᠶ᠎ᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |