ᠴᠤᠤᠶᠠᠩ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2024/11/11

     11 ᠰᠠᠷ᠎ᠠ ᠶᠢᠨ 8 ᠤ ᠡᠳᠦᠷ᠂ ᠮᠠᠨ ᠤ ᠰᠢᠶᠠᠨ ᠤ ᠴᠤᠤᠶᠠᠩ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠠᠮᠵᠢᠯᠲᠠ ᠲᠠᠢ ᠬᠤᠷᠠᠯᠳᠤᠪᠠ᠃ ᠲᠣᠰ

ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 63 ᠬᠥᠮᠦᠨ᠂ ᠬᠤᠷᠠᠯ ᠳᠤ ᠪᠣᠳᠠᠲᠠᠶ

ᠣᠷᠣᠯᠴᠠᠭᠰᠠᠨ ᠲᠥᠯᠥᠭᠡᠯᠡᠭᠴᠢ 54 ᠬᠥᠮᠦᠨ᠂ ᠡᠪᠡᠳᠴᠢᠨ ᠡᠮᠭᠡᠭ ᠤᠨ ᠰᠢᠯᠲᠠᠭᠠᠨ ᠠᠴᠠ ᠪᠣᠯᠵᠣ 9 ᠬᠥᠮᠦᠨ

ᠴᠢᠯᠥᠭᠡ ᠭᠤᠶᠤᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃

1731305305331023299.png

    ᠶᠡᠭᠡ ᠬᠤᠷᠠᠯ ᠠᠴᠠ ︽ᠴᠤᠤᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠰᠬᠠᠢ ᠠᠵᠢᠯ ᠤᠨ ᠮᠡᠳᠡᠭᠦᠯᠦᠯᠲᠡ︾

 ᠶᠢ ᠰᠣᠨᠣᠰᠴᠤ ᠬᠢᠨᠠᠨ ᠵᠥᠪᠯᠡᠪᠡ᠃

    ᠬᠤᠷᠠᠯ ᠠᠴᠠ᠂ ᠴᠤᠤᠶᠠᠩ ᠪᠠᠯᠭᠠᠰᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ

ᠤᠳᠤᠷᠢᠳᠤᠯᠭ᠎ᠠ ᠳᠣᠣᠷ᠎ᠠ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠦᠯᠦ ᠡᠭᠦᠰᠬᠦ ᠪᠠᠷ

ᠬᠤᠷᠢᠭ᠎ᠠ ᠱᠤᠭᠤᠮ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ

ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ

ᠵᠣᠯᠭᠠᠭᠤᠯᠬᠤ ᠶᠢ ᠪᠦᠬᠦ ᠪᠠᠯᠭᠠᠰᠤᠨ ᠤ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠭᠤᠣᠯᠯᠠᠬᠤ ᠠᠵᠤ

ᠦᠢᠯᠡᠰ ᠢ ᠲᠠᠰᠤᠷᠠᠯᠲᠠ ᠦᠭᠡᠢ ᠪᠠᠬᠢᠵᠢᠭᠦᠯᠵᠦ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠵᠤ᠂ ᠪᠦᠬᠦ

ᠪᠠᠯᠭᠠᠰᠤᠨ ᠤ ᠡᠯ᠎ᠡ ᠵᠦᠢᠯ ᠤᠨ ᠦᠢᠯᠡᠰ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠲᠠᠢ ᠪᠣᠯᠪᠠ᠃

    ᠬᠤᠷᠠᠯ ᠠᠴᠠ᠂ ᠦᠷᠭᠦᠯᠵᠢᠯᠡᠨ ᠬᠥᠳᠡᠯᠦᠩᠭᠦᠢ ᠪᠠᠷ ᠬᠢᠨᠠᠨ ᠡᠵᠡᠮᠳᠡᠵᠦ᠂ ᠲᠦᠷᠦ ᠶᠢᠨ ᠪᠤᠳᠤᠯᠭ᠎ᠠ ᠶᠢ ᠤᠨᠢᠨ

ᠳᠡᠭᠡᠷ᠎ᠡ ᠨᠢ ᠬᠡᠷᠡᠭᠵᠢᠭᠦᠯᠬᠦ ᠶᠢ ᠪᠠᠲᠤᠯᠠᠵᠤ᠂ ᠳᠠᠯᠳᠠ ᠠᠰᠠᠭᠤᠳᠠᠯ ᠢ ᠲᠦᠷᠭᠡᠨ ᠳᠠᠭᠠᠬᠤ ᠬᠡᠷᠡᠭᠲᠡᠢ᠃ ᠣᠷᠴᠢᠨ

ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ

ᠴᠣᠭᠴᠠᠯᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠤᠯᠠᠨ

ᠲᠠᠯ᠎ᠠ ᠠᠴᠠ ᠠᠷᠭ᠎ᠠ ᠪᠤᠳᠤᠯᠭ᠎ᠠ ᠬᠡᠷᠡᠭᠵᠢᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ

ᠲᠥᠪᠯᠡᠷᠡᠭᠦᠯᠵᠦ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ᠃ ᠠᠮᠤᠷ ᠠᠮᠤᠭᠤᠯᠠᠩ ᠤᠨ

ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠵᠤ᠂ ᠠᠮᠤᠷ ᠲᠦᠪᠰᠢᠨ ᠤ

ᠬᠠᠮᠢᠶᠠᠷᠤᠯᠲᠠ ᠶᠢ ᠴᠢᠩᠭᠠᠳᠬᠠᠵᠤ᠂ ᠨᠢᠭᠡ ᠭᠠᠵᠠᠷ ᠣᠷᠣᠨ ᠤ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ᠃

    ᠶᠡᠭᠡ ᠬᠤᠷᠠᠯ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠦᠷ

ᠵᠢᠪᠬᠤᠯᠠᠩᠲᠠᠢ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰ ᠠᠮᠵᠢᠯᠲᠠ ᠲᠠᠢ

ᠲᠡᠭᠦᠰᠪᠡ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2