2024 ᠣᠨ ᠤ ᠬᠤᠸᠠᠳᠧ ᠰᠢᠶᠠᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/17

    ᠨᠢᠭᠡ᠂ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ

    2024 ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠂ ᠡᠭᠦᠨ ᠤ

ᠬᠠᠮᠲᠤ ᠮᠠᠨ ᠤ ᠤᠯᠤᠰ 16 ᠳ᠋ᠤᠭᠠᠷ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠢ ᠤᠭᠲᠤᠨ

ᠠᠪᠴᠢᠷᠠᠪᠠ᠃ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠶᠠᠭ ᠶᠠᠪᠤᠭᠳᠠᠵᠤ ᠪᠠᠢᠨ᠎ᠠ᠂ ︽ᠪᠦᠬᠦ ᠠᠷᠠᠳ ᠤᠨ

ᠪᠡᠶ᠎ᠡ ᠴᠢᠭᠢᠷᠠᠭᠵᠢᠭᠤᠯᠬᠤ ᠪᠠ ᠣᠯᠢᠮᠫᠢᠺ ᠤᠨ ᠲᠠᠮᠢᠷ ᠤᠨ ᠴᠤᠭᠯᠠᠭᠠᠨ ᠢ ᠬᠠᠮᠲᠤ ᠶᠠᠪᠤᠬᠤ︾ ᠶᠢ ᠬᠠᠩᠭᠢᠨ ᠠᠭᠤᠯᠵᠤ᠂

ᠣᠯᠠᠨ ᠲᠦᠮᠡᠨ ᠤ ᠣᠯᠢᠮᠫᠢᠺ ᠤᠨ ᠲᠠᠮᠢᠷ ᠤᠨ ᠴᠤᠭᠯᠠᠭᠠᠨ ᠢ ᠬᠠᠯᠠᠮᠵᠢᠯᠠᠨ ᠳᠡᠮᠵᠢᠬᠦ ᠬᠠᠯᠠᠭᠤᠨ ᠰᠡᠳᠭᠢᠯᠭᠡ ᠶᠢ

ᠠᠰᠢᠭᠯᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠢᠭᠠᠳ ᠪᠦᠬᠦ ᠠᠷᠠᠳ ᠤᠨ ᠪᠡᠶ᠎ᠡ

ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠡᠷᠡᠭᠦᠯ ᠡᠩᠬᠡ ᠳᠤᠮᠳᠠᠳᠤ ᠤᠯᠤᠰ᠂ ᠪᠡᠶ᠎ᠡ ᠶᠢᠨ ᠲᠠᠮᠢᠷ ᠤᠨ

ᠬᠦᠴᠦᠷᠬᠡᠭ ᠤᠯᠤᠰ ᠤᠨ ᠪᠦᠲᠦᠭᠡᠨ ᠪᠠᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠤᠧᠳᠧ  

ᠰᠢᠶᠠᠨ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ ᠭᠤᠣᠯ ᠰᠡᠳᠦᠪᠲᠦ ᠠᠵᠢᠯᠯᠠᠭ᠎ᠠ

ᠥᠷᠨᠢᠭᠦᠯᠬᠦ ᠪᠠᠷ ᠲᠣᠭᠲᠠᠪᠠ᠃

    ᠬᠤᠶᠠᠷ᠂ ᠬᠠᠷᠠᠯᠲᠠ ᠶᠢᠨ ᠡᠭᠦᠷᠭᠡ

    1. ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠬᠤ᠂ ᠪᠥᠬᠦ ᠠᠷᠠᠳ ᠤᠨ ᠡᠷᠡᠭᠦᠯ ᠮᠡᠨᠳᠦ ᠶᠢᠨ ᠬᠢᠷᠢ

ᠲᠦᠪᠰᠢᠨ ᠢ ᠳᠡᠭᠡᠭᠰᠢᠯᠡᠭᠦᠯᠬᠦ ᠪᠠᠷ ᠦᠨᠳᠦᠰᠦᠨ ᠵᠣᠷᠢᠯᠭ᠎ᠠ ᠪᠣᠯᠭᠠᠵᠤ᠂ ᠪᠥᠬᠦ ᠠᠷᠠᠳ ᠤᠨ ᠪᠡᠶ᠎ᠡ

ᠴᠢᠭᠢᠷᠠᠭᠵᠢᠭᠤᠯᠤᠯᠲᠠ ᠶᠢ ᠪᠥᠬᠦ ᠠᠷᠠᠳ ᠤᠨ ᠡᠷᠡᠭᠦᠯ ᠮᠡᠨᠳᠦ ᠯᠦᠭᠡ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠵᠤ᠂

ᠢᠳᠡᠪᠬᠢᠲᠡᠶ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠤᠯᠠᠮᠵᠢᠯᠠᠵᠤ᠂ ᠪᠡᠶ᠎ᠡ ᠶᠢᠨ ᠲᠠᠮᠢᠷ ᠢ

ᠴᠢᠬᠤᠯᠠᠴᠢᠯᠠᠬᠤ᠂ ᠳᠡᠮᠵᠢᠬᠦ᠂ ᠣᠷᠣᠯᠴᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂

ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃

    2. ᠣᠯᠠᠨ ᠲᠦᠮᠡᠨ ᠤ ᠣᠯᠠᠨ ᠡᠰᠢᠵᠢᠭᠰᠡᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ

᠂ ᠡᠭᠦᠨ ᠳᠤ ᠤᠷᠤᠯᠳᠤᠭᠠᠨ ᠤ ᠠᠵᠢᠯᠯᠠᠭ᠎ᠠ ᠥᠷᠨᠢᠭᠦᠯᠬᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ

ᠵᠢᠯᠣᠭᠤᠳᠣᠯᠭ᠎ᠠ ᠬᠠᠩᠭᠠᠬᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡ ᠶᠢ

ᠥᠷᠨᠢᠭᠦᠯᠬᠦ᠂ ᠢᠷᠭᠡᠨ ᠤ ᠪᠡᠶ᠎ᠡ ᠮᠠᠬᠠᠪᠣᠳ ᠤᠨ ᠪᠠᠶᠢᠴᠠᠭᠠᠨ ᠬᠡᠮᠵᠢᠯᠲᠡ ᠬᠢᠬᠦ ᠵᠡᠷᠭᠡ ᠶᠢ ᠪᠠᠭᠲᠠᠭᠠᠨ᠎ᠠ᠃

    3. ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠣᠷᠳᠣᠨ ᠲᠠᠯᠠᠪᠠᠶ ᠶᠢ ︽ᠪᠦᠬᠦ ᠠᠷᠠᠳ ᠤᠨ ᠪᠡᠶ᠎ᠡ

ᠴᠢᠭᠢᠷᠠᠭᠵᠢᠭᠤᠯᠬᠤ ᠡᠳᠦᠷ︾ ᠤᠨ ᠲᠤᠬᠠᠶ ᠶᠢᠨ ᠡᠳᠦᠷ ᠰᠦᠢᠳᠬᠡᠯ ᠬᠤᠷᠢᠶᠠᠬᠤ ᠦᠭᠡᠶ ᠪᠠᠷ ᠣᠯᠠᠨ ᠨᠡᠶᠢᠲᠡ ᠳᠤ

ᠴᠢᠯᠥᠭᠡᠲᠡᠶ ᠨᠡᠭᠡᠭᠡᠬᠦ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ

ᠠᠵᠢᠯᠯᠠᠭ᠎ᠠ ᠬᠢᠬᠦ ᠳᠤ ᠳᠥᠭᠦᠮ ᠦᠵᠡᠭᠦᠯᠦᠨ᠎ᠡ᠃

    4. ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠡᠩᠨᠡᠭᠡ ᠶᠢᠨ ᠲᠡᠩᠴᠡᠭᠦᠷᠢᠲᠡᠶ

ᠬᠥᠭᠵᠢᠯᠲᠡ ᠶᠢ ᠠᠬᠢᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ ᠢ

ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠦᠨ᠎ᠡ᠃

    5. ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠭᠤᠤᠯ ᠰᠡᠳᠦᠪᠲᠦ

ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠣᠯᠠᠨ ᠲᠦᠮᠡᠨ ᠤ ᠪᠡᠶ᠎ᠡ ᠶᠢᠨ ᠲᠠᠮᠢᠷ

ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ

ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃

    ᠭᠤᠷᠪᠠ᠂ ᠭᠤᠣᠯ ᠠᠭᠤᠯᠭ᠎ᠠ

    1. ᠵᠢᠯᠣᠭᠤᠳᠬᠤ ᠦᠵᠡᠯ ᠰᠠᠨᠠᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ

ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ

ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ ᠠᠵᠢᠯᠯᠠᠭ᠎ᠠ ᠥᠷᠨᠢᠭᠦᠯᠦᠨ᠎ᠡ᠃

    2. ᠬᠦᠳᠡᠯᠭᠡᠭᠡᠨ ᠤ ᠭᠤᠤᠯ ᠰᠡᠳᠦᠪ ᠪᠠ ᠤᠬᠠᠭᠤᠯᠭ᠎ᠠ ᠶᠢᠨ ᠤᠷᠢᠶ᠎ᠠ᠄ ᠭᠤᠣᠯ ᠰᠡᠳᠦᠪ ᠨᠢ ︽ᠪᠦᠬᠦ

ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠵᠤ᠂ ᠣᠯᠢᠮᠫᠢᠺ ᠤᠨ ᠪᠡᠶ᠎ᠠ ᠶᠢᠨ ᠲᠠᠮᠢᠷ ᠲᠠᠢ ᠬᠠᠮᠲᠤ ᠶᠠᠪᠤᠬᠤ︾᠂

ᠤᠬᠠᠭᠤᠯᠭ᠎ᠠ ᠶᠢᠨ ᠤᠷᠢᠶ᠎ᠠ ᠶᠢ ︽ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ︾ ᠵᠡᠷᠭᠡ ᠪᠣᠯᠤᠨ᠎ᠠ᠃

    3. ᠤᠳᠤᠷᠢᠳᠬᠤ ᠳᠤᠭᠤᠶᠢᠯᠠᠩ᠄ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠯ᠎ᠡ ᠰᠢᠶᠠᠩ

ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ᠂ ᠡᠯ᠎ᠡ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ

ᠵᠣᠬᠢᠴᠠᠭᠤᠯᠵᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃

   4᠂ ᠬᠥᠳᠡᠯᠭᠡᠭᠡᠨ ᠤ ᠴᠠᠭ᠄ 2024 ᠣᠨ ᠤ 8 ᠰᠠᠷ᠎ᠠ ᠶᠢᠨ 8 ᠤ ᠡᠳᠦᠷ᠃

    5. ᠠᠵᠢᠯᠯᠠᠭ᠎ᠠ ᠶᠢᠨ ᠠᠭᠤᠯᠭ᠎ᠠ᠄

    1. ᠭᠤᠤᠯ ᠰᠡᠳᠦᠪᠲᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽ᠪᠦᠬᠦ ᠠᠷᠠᠳ ᠤᠨ ᠪᠡᠶ᠎ᠡ

ᠴᠢᠭᠢᠷᠠᠭᠵᠢᠭᠤᠯᠬᠤ ᠬᠢᠭᠡᠳ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠠᠢ ᠬᠠᠮᠲᠤᠪᠠᠷ ᠤᠷᠤᠭᠰᠢᠯᠠᠬᠤ︾ ᠶᠢ

ᠳᠣᠪᠤᠶᠢᠯᠭᠠᠵᠤ᠂ ᠤᠷᠤᠯᠳᠤᠭᠠᠨ ᠤ ᠠᠵᠢᠯᠯᠠᠭ᠎ᠠ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ

ᠵᠢᠯᠣᠭᠤᠳᠣᠯᠭ᠎ᠠ ᠵᠡᠷᠭᠡ ᠶᠢ ᠬᠠᠮᠤᠷᠤᠨ᠎ᠠ᠃

    2. ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠣᠷᠳᠣᠨ ᠲᠠᠯᠠᠪᠠᠶ ᠶᠢ ᠴᠢᠯᠥᠭᠡᠲᠡᠶ ᠪᠣᠯᠭᠠᠬᠤ ᠶᠢ ᠰᠢᠮᠳᠠᠭᠤᠯᠬᠤ

ᠬᠡᠷᠡᠭᠲᠡᠶ᠃

    3. ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠬᠠᠷᠢᠯᠴᠠᠨ ᠰᠤᠷᠤᠯᠴᠠᠬᠤ ᠶᠢ

ᠠᠬᠢᠭᠤᠯᠤᠨ᠎ᠠ᠃

    4 ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠭᠤᠤᠯ ᠰᠡᠳᠦᠪᠲᠦ

ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃

    6. ᠠᠵᠢᠯᠯᠠᠭ᠎ᠠ ᠶᠢᠨ ᠲᠣᠬᠢᠷᠠᠭᠤᠯᠤᠯᠲᠠ᠄ 8 ᠳ᠋ᠤᠭᠠᠷ ᠰᠠᠷ᠎ᠠ ᠶᠢᠨ 8 ᠤ ᠡᠳᠦᠷ ᠤᠨ ᠡᠬᠢᠯᠡᠯᠲᠡ ᠶᠢᠨ ᠶᠣᠰᠣᠯᠠᠯ

ᠲᠣᠰ ᠡᠳᠦᠷ ᠲᠤ ᠪᠡᠶ᠎ᠡ ᠴᠢᠭᠢᠷᠠᠭᠵᠢᠭᠤᠯᠬᠤ ᠲᠠᠮᠢᠷ ︵ᠲᠠᠯᠠᠪᠠᠶ ᠶᠢᠨ ᠪᠥᠵᠢᠭ︶ ᠶᠢᠨ ᠤᠷᠤᠯᠳᠤᠭᠠᠨ ᠡᠷᠭᠢᠯᠡᠵᠦ᠂ 7

ᠳ᠋ᠤᠭᠠᠷ ᠰᠠᠷ᠎ᠠ ᠶᠢᠨ ᠰᠡᠭᠦᠯᠴᠢ ᠠᠴᠠ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠪᠥᠬᠦ ᠠᠷᠠᠳ ᠤᠨ ᠪᠡᠶ᠎ᠡ

ᠴᠢᠭᠢᠷᠠᠭᠵᠢᠭᠤᠯᠬᠤ ᠬᠠᠮᠢᠶ᠎ᠠ ᠪᠥᠬᠦᠶ ᠤᠷᠤᠯᠳᠤᠭᠠᠨ ᠪᠠ ᠦᠨᠳᠦᠰᠦᠨ ᠱᠠᠲᠤᠨ ᠤ ᠰᠠᠶᠢᠨ ᠳᠤᠷ᠎ᠠ ᠶᠢᠨ ᠵᠢᠯᠣᠭᠤᠳᠬᠤ

ᠦᠢᠯᠡᠴᠢᠯᠡᠭᠡ᠂ ᠰᠠᠭᠤᠭᠠᠯᠢ ᠠᠷᠠᠳ ᠤᠨ ᠪᠡᠶ᠎ᠡ ᠮᠠᠬᠠᠪᠣᠳ ᠢ ᠪᠠᠶᠢᠴᠠᠭᠠᠨ ᠰᠢᠯᠭᠠᠬᠤ ᠵᠡᠷᠭᠡ ᠠᠯᠢ ᠣᠯᠠᠨ ᠠᠵᠢᠯᠯᠠᠭ᠎ᠠ

ᠥᠷᠨᠢᠭᠦᠯᠪᠡ᠃

    7. ᠠᠵᠢᠯᠯᠠᠭᠠᠨ ᠤ ᠵᠠᠷᠴᠢᠮ᠄

    1. ᠲᠠᠨᠢᠯᠲᠠ ᠪᠠᠨ ᠳᠡᠭᠡᠭᠰᠢᠯᠡᠭᠦᠯᠦᠨ᠂ ᠭᠤᠤᠯ ᠰᠡᠳᠦᠪ ᠯᠦᠭᠡ ᠨᠢᠭᠲᠠ ᠤᠶᠠᠯᠳᠤᠭᠤᠯᠤᠨ᠂ ᠲᠣᠬᠢᠷᠠᠮᠵᠢᠲᠠᠶ

ᠲᠥᠷᠥᠯ ᠵᠦᠢᠯ ᠢ ᠰᠣᠩᠭᠤᠵᠤ᠂ ᠡᠷᠡᠭᠦᠯ ᠮᠡᠨᠳᠦ ᠶᠢᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃

    2. ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠮᠤᠷ

ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠨ᠂ ᠣᠯᠠᠨ ᠰᠠᠯᠠᠭ᠎ᠠ ᠮᠥᠴᠢᠷ ᠲᠠᠢ ᠬᠠᠮᠵᠢᠯᠴᠠᠨ ᠠᠮᠤᠷ ᠲᠦᠪᠰᠢᠨ ᠤ

ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠶ᠃

    3. ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠨᠴᠠᠯᠢᠭ ᠢ ᠪᠤᠢ ᠪᠣᠯᠭᠠᠵᠤ᠂ ᠪᠣᠳᠠᠲᠤ

ᠪᠠᠶᠢᠳᠠᠯ ᠲᠠᠢ ᠪᠠᠨ ᠤᠶᠠᠯᠳᠤᠭᠤᠯᠤᠨ ᠣᠨᠴᠠᠯᠢᠭᠲᠤ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃

    4. ᠥᠷᠭᠡᠨ ᠢᠶᠠᠷ ᠣᠷᠣᠯᠴᠠᠵᠤ᠂ ᠠᠭᠤᠷ ᠠᠮᠢᠰᠬᠤᠯ ᠢ ᠪᠣᠶ ᠪᠣᠯᠭᠠᠵᠤ᠂ ᠣᠶᠢᠯᠠᠭᠠᠬᠤ ᠬᠡᠮᠵᠢᠶ᠎ᠡ ᠪᠠ

ᠣᠷᠣᠯᠴᠠᠬᠤ ᠨᠣᠷᠮ᠎ᠠ ᠶᠢ ᠳᠡᠭᠡᠭᠰᠢᠯᠡᠭᠦᠯᠦᠨ᠎ᠡ᠃

    8. ᠠᠵᠢᠯᠯᠠᠭ᠎ᠠ ᠶᠢᠨ ᠱᠠᠭᠠᠷᠳᠠᠯᠭ᠎ᠠ᠄

    1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠶ ᠲᠥᠯᠥᠪᠯᠡᠨ

ᠪᠠᠶᠢᠷᠢᠯᠠᠭᠤᠯᠵᠤ᠂ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃

    2. ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ︽ᠪᠦᠬᠦ ᠠᠷᠠᠳ ᠤᠨ ᠪᠡᠶ᠎ᠡ

ᠴᠢᠭᠢᠷᠠᠭᠵᠢᠭᠤᠯᠬᠤ ᠳᠦᠷᠢᠮ︾ ᠢ ᠤᠬᠠᠭᠤᠯᠵᠤ᠂ ᠪᠡᠶ᠎ᠡ ᠶᠢᠨ ᠲᠠᠮᠢᠷ ᠢᠶᠠᠷ ᠪᠡᠶ᠎ᠡ ᠴᠢᠭᠢᠷᠠᠭᠵᠢᠭᠤᠯᠬᠤ ᠶᠢ ᠡᠷᠬᠢᠮᠯᠡᠬᠦ

ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠬᠡᠷᠡᠭᠲᠡᠶ᠃

    3. ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠠᠵᠢᠯᠯᠠᠭ᠎ᠠ ᠶᠢᠨ ᠠᠮᠤᠷ ᠲᠦᠪᠰᠢᠨ ᠤ ᠪᠡᠯᠡᠳᠬᠡᠯ

ᠲᠥᠰᠦᠯ ᠢ ᠰᠠᠶᠢᠲᠤᠷ ᠬᠢᠵᠦ᠂ ᠤᠷᠤᠯᠳᠤᠭᠠᠨ ᠳᠤ ᠣᠷᠣᠯᠴᠠᠭᠰᠠᠨ ᠮᠡᠳᠡᠭᠡ ᠵᠠᠩᠭᠢ ᠪᠠᠨ ᠴᠠᠭ ᠲᠤᠬᠠᠶ ᠳᠤᠨᠢ ᠳᠡᠭᠡᠭᠰᠢ

ᠮᠡᠳᠡᠭᠦᠯᠬᠦ ᠬᠡᠷᠡᠭᠲᠡᠶ᠃

    ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ

    1. ᠡᠮᠦᠨᠡᠬᠢ ᠬᠤᠭᠤᠴᠠᠭᠠᠨ ᠤ ᠪᠡᠯᠡᠳᠬᠡᠯ ᠱᠠᠲᠤ ᠦᠶ᠎ᠡ᠄ ᠤᠳᠤᠷᠢᠳᠬᠤ ᠳᠤᠭᠤᠶᠢᠯᠠᠩ ᠪᠠᠶᠢᠭᠤᠯᠵᠤ᠂

ᠠᠵᠢᠯᠯᠠᠭ᠎ᠠ ᠶᠢᠨ ᠭᠤᠤᠯ ᠰᠡᠳᠦᠪ᠂ ᠠᠭᠤᠯᠭ᠎ᠠ ᠪᠠ ᠲᠣᠬᠢᠷᠠᠭᠤᠯᠤᠯᠲᠠ ᠶᠢ ᠲᠣᠭᠲᠠᠭᠠᠨ᠂ ᠠᠮᠤᠷ ᠲᠦᠪᠰᠢᠨ ᠤ

ᠪᠡᠯᠡᠳᠬᠡᠯ ᠲᠥᠰᠦᠯ ᠢ ᠲᠣᠭᠲᠠᠭᠠᠵᠤ᠂ ᠤᠬᠠᠭᠤᠯᠭ᠎ᠠ ᠶᠢᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃

    2. ᠠᠵᠢᠯᠯᠠᠭ᠎ᠠ ᠥᠷᠨᠢᠭᠦᠯᠬᠦ ᠱᠠᠲᠤ᠄ ᠠᠵᠢᠯᠯᠠᠭ᠎ᠠ ᠶᠢᠨ ᠲᠣᠬᠢᠷᠠᠭᠤᠯᠤᠯᠲᠠ ᠶᠣᠰᠣᠭᠠᠷ᠂ 8 ᠳ᠋ᠤᠭᠠᠷ ᠰᠠᠷ᠎ᠠ ᠶᠢᠨ

8 ᠤ ᠡᠳᠦᠷ ᠤᠨ ᠡᠮᠦᠨ᠎ᠡ ᠬᠤᠶᠢᠨ᠎ᠠ ᠭᠤᠤᠯ ᠰᠡᠳᠦᠪᠲᠦ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠦᠨ᠎ᠡ᠃

    3. ᠦᠷᠭᠦᠯᠵᠢᠯᠡᠨ ᠳ᠋ᠦᠩᠨᠡᠬᠦ ᠱᠠᠲᠤ᠄ ᠠᠵᠢᠯᠯᠠᠭ᠎ᠠ ᠳᠤ ᠳ᠋ᠦᠩᠨᠡᠯᠲᠡ ᠬᠢᠵᠦ ᠦᠨᠡᠯᠡᠨ ᠵᠢᠱᠢᠵᠦ᠂ ᠬᠠᠷᠢᠭᠤ

ᠲᠤᠰᠬᠠᠭᠰᠠᠨ ᠰᠠᠨᠠᠯ ᠢ ᠬᠤᠷᠢᠶᠠᠨ ᠴᠤᠭᠯᠠᠭᠤᠯᠵᠤ᠂ ᠬᠤᠶᠢᠰᠢᠳᠠ ᠶᠢᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ

ᠠᠵᠢᠯᠯᠠᠭ᠎ᠠ ᠳᠤ ᠲᠤᠷᠰᠢᠯᠭ᠎ᠠ ᠬᠠᠩᠭᠠᠨ᠎ᠠ᠃

    ᠲᠠᠪᠤ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ

    1. ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂

ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠢᠯᠡᠷᠡᠯ ᠢ ᠠᠰᠢᠭᠯᠠᠨ᠂ ᠣᠯᠠᠨ ᠲᠦᠮᠡᠨ ᠤ ᠪᠡᠶ᠎ᠡ

ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠡᠶ᠎ᠡ ᠶᠢᠨ ᠲᠠᠮᠢᠷ ᠬᠢᠭᠡᠳ ᠴᠠᠭ ᠦᠶ᠎ᠡ ᠶᠢᠨ ᠨᠢᠭᠲᠠ

ᠤᠶᠠᠯᠳᠤᠯ ᠢ ᠢᠯᠡᠷᠡᠭᠦᠯᠵᠡᠶ᠃

    2. ᠠᠭᠤᠯᠭ᠎ᠠ ᠨᠢ ᠡᠯᠪᠡᠭ ᠪᠠᠶᠠᠯᠢᠭ ᠣᠯᠠᠨ ᠶᠠᠩᠵᠤ ᠶᠢᠨ ᠪᠠᠶᠢᠵᠤ᠂ ᠤᠷᠤᠯᠳᠤᠭᠠᠨ ᠤ ᠠᠵᠢᠯᠯᠠᠭ᠎ᠠ᠂ ᠲᠠᠯᠠᠪᠤᠷ

ᠣᠷᠳᠣᠨ ᠢ ᠴᠢᠯᠥᠭᠡᠲᠡᠶ ᠨᠡᠭᠡᠭᠡᠬᠦ᠂ ᠵᠢᠭᠠᠨ ᠵᠢᠯᠣᠭᠤᠳᠣᠭᠴᠢ ᠶᠢᠨ ᠪᠣᠯᠪᠠᠰᠤᠷᠠᠭᠤᠯᠤᠯ᠂ ᠰᠠᠶᠢᠨ ᠳᠤᠷ᠎ᠠ ᠶᠢᠨ

ᠦᠢᠯᠡᠴᠢᠯᠡᠭᠡ ᠵᠡᠷᠭᠡ ᠣᠯᠠᠨ ᠲᠠᠯ᠎ᠠ ᠶᠢ ᠬᠠᠮᠤᠷᠴᠤ᠂ ᠠᠳᠠᠯᠢ ᠪᠤᠰᠤ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ

ᠬᠡᠷᠡᠭᠴᠡᠭᠡ ᠶᠢ ᠬᠠᠩᠭᠠᠭᠰᠠᠨ ᠪᠠᠶᠢᠨ᠎ᠠ᠃

    3. ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠬᠤᠯᠠᠴᠢᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢ

ᠲᠣᠪᠤᠶᠢᠮ᠎ᠠ ᠪᠠᠶᠢᠷᠢᠨ ᠳᠤ ᠲᠠᠯᠪᠢᠵᠤ᠂ ᠣᠯᠠᠨ ᠰᠠᠯᠠᠭ᠎ᠠ ᠮᠥᠴᠢᠷ ᠲᠠᠢ ᠬᠠᠮᠵᠢᠯᠴᠠᠨ ᠠᠵᠢᠯᠯᠠᠭ᠎ᠠ ᠶᠢᠨ ᠠᠮᠤᠷ

ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃

    4. ᠠᠭᠤᠷ ᠠᠮᠢᠰᠬᠤᠯ ᠢ ᠪᠣᠶ ᠪᠣᠯᠭᠠᠬᠤ ᠶᠢ ᠴᠢᠬᠤᠯᠠᠴᠢᠯᠠᠵᠤ᠂ ᠣᠯᠠᠨ ᠵᠦᠢᠯ ᠤᠨ ᠵᠠᠭᠤᠴᠢᠯᠠᠭᠤᠷ ᠢᠶᠠᠷ

ᠳᠠᠮᠵᠢᠭᠤᠯᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠤᠬᠠᠭᠤᠯᠵᠤ᠂ ᠣᠶᠢᠯᠠᠭᠠᠬᠤ ᠬᠡᠮᠵᠢᠶ᠎ᠡ ᠪᠠ

ᠣᠷᠣᠯᠴᠠᠬᠤ ᠨᠣᠷᠮ᠎ᠠ ᠶᠢ ᠳᠡᠭᠡᠭᠰᠢᠯᠡᠭᠦᠯᠦᠨ᠂ ᠪᠡᠶ᠎ᠡ ᠶᠢᠨ ᠲᠠᠮᠢᠷ ᠢᠶᠠᠷ ᠪᠡᠶ᠎ᠡ ᠴᠢᠭᠢᠷᠠᠭᠵᠢᠭᠤᠯᠬᠤ ᠶᠢ ᠡᠷᠬᠢᠮᠯᠡᠬᠦ

ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢ ᠠᠬᠢᠭᠤᠯᠤᠨ᠎ᠠ᠃

 

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2