ᠬᠤᠸᠠᠳᠧ ᠰᠢᠶᠠᠨ ᠤ 2024 ᠣᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠰᠦᠯ ᠤᠨ ᠲᠠᠶᠢᠯᠤᠮᠵᠢ | ᠨᠢᠭᠡ᠂ ᠠᠬᠤᠶ ᠪᠠᠶᠢᠳᠠᠯ ᠬᠢᠭᠡᠳ ᠬᠠᠷᠠᠯᠲᠠ | ᠠᠬᠤᠶ ᠪᠠᠶᠢᠳᠠᠯ᠄ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠠᠷᠠᠳ ᠲᠦᠮᠡᠨ ᠤ ᠠᠮᠢ ᠨᠠᠰᠤ ᠡᠳ᠋ | ᠬᠥᠷᠥᠩᠭᠡ ᠳᠤ ᠦᠵᠡᠭᠦᠯᠬᠦ ᠬᠤᠤᠷ ᠬᠥᠨᠥᠭᠡᠯ ᠢ ᠪᠠᠭᠠᠰᠬᠠᠵᠤ᠂ ᠨᠡᠶᠢᠭᠡᠮ ᠤᠨ ᠡᠶ᠎ᠡ ᠵᠣᠬᠢᠴᠠᠯ ᠪᠠ ᠠᠵᠤ ᠠᠬᠤᠶ ᠶᠢᠨ | ᠲᠣᠭᠲᠠᠭᠤᠨ ᠬᠥᠭᠵᠢᠯᠲᠡ ᠶᠢ ᠪᠠᠲᠤᠯᠠᠬᠤ ᠶᠢᠨ ᠲᠥᠯᠥᠭᠡ᠂ ᠬᠤᠸᠠᠳᠧ ᠰᠢᠶᠠᠨ 2024 ᠣᠨ ᠤ ᠭᠠᠵᠠᠷ | ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠰᠦᠯ ᠢ ᠲᠣᠭᠲᠠᠭᠠᠪᠠ᠃ | ᠬᠠᠷᠠᠯᠲᠠ᠄ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ | ᠪᠦᠲᠦᠮᠵᠢᠲᠡᠶ ᠬᠡᠷᠡᠭᠵᠢᠭᠦᠯᠬᠦ ᠪᠠᠷ ᠳᠠᠮᠵᠢᠭᠤᠯᠤᠨ᠂ ᠭᠠᠵᠠᠷ ᠤᠨ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ | ᠶᠡᠭᠡ ᠬᠡᠮᠵᠢᠶ᠎ᠡ ᠪᠠᠷ ᠵᠠᠶᠢᠯᠠᠭᠤᠯᠬᠤ ᠪᠠ ᠪᠠᠭᠠᠰᠬᠠᠨ᠎ᠠ᠃ | ᠬᠤᠶᠠᠷ᠂ 2023 ᠣᠨ ᠤ ᠡᠷᠭᠢᠴᠡᠭᠦᠯᠦᠯ | 2023 ᠣᠨ ᠤ ᠬᠤᠸᠠᠳᠧ ᠰᠢᠶᠠᠨ ᠳᠤ ᠪᠣᠷᠣᠭᠠᠨ ᠤ ᠬᠡᠮᠵᠢᠶ᠎ᠡ ᠪᠠᠭ᠎ᠠ ᠮᠥᠷᠲᠡᠭᠡᠨ ᠰᠡᠷᠭᠡᠶᠢᠯᠡᠨ ᠵᠠᠰᠠᠬᠤ ᠠᠷᠭ᠎ᠠ | ᠬᠡᠮᠵᠢᠶ᠎ᠡ ᠬᠦᠴᠦᠲᠡᠶ ᠪᠠᠶᠢᠵᠤ᠂ ᠪᠥᠬᠦ ᠵᠢᠯ ᠳᠤ ᠭᠠᠵᠠᠷ ᠤᠨ ᠭᠠᠶ ᠭᠠᠮᠰᠢᠭ ᠭᠠᠷᠤᠭᠰᠠᠨ ᠥᠬᠡᠶ᠂ ᠬᠥᠮᠦᠨ ᠬᠠᠷ᠎ᠠ | ᠥᠭᠦᠵᠦ ᠰᠢᠷᠬᠠᠲᠤᠭᠰᠠᠨ ᠪᠠ ᠡᠳ᠋ ᠬᠥᠷᠥᠩᠭᠡ ᠶᠢᠨ ᠬᠤᠬᠢᠷᠠᠯ ᠥᠬᠡᠶ᠃ | ᠭᠤᠷᠪᠠ᠂ 2024 ᠣᠨ ᠤ ᠬᠠᠨᠳᠤᠰᠢ ᠶᠢᠨ ᠵᠢᠱᠢᠯᠲᠡ | ᠶᠡᠷᠦᠩᠬᠡᠶ ᠪᠠᠶᠢᠳᠠᠯ᠄ ᠪᠦᠬᠦ ᠰᠢᠶᠠᠨ ᠤ ᠭᠠᠵᠠᠷ ᠤᠨ ᠭᠠᠶ ᠭᠠᠮᠰᠢᠭ ᠪᠤᠶᠢᠵᠢᠬᠤ ᠦᠭᠡᠢ᠂ ᠵᠥᠪᠬᠡᠨ 1 ᠲᠣᠮᠣ | ᠬᠡᠯᠪᠡᠷᠢ ᠶᠢᠨ ᠭᠠᠵᠠᠷ ᠤᠨ ᠭᠠᠳᠠᠷᠭᠤ ᠴᠥᠮᠥᠷᠡᠬᠦ ᠳᠠᠯᠳᠠ ᠭᠡᠮ ᠲᠠᠢ ᠭᠠᠵᠠᠷ ᠪᠠᠶᠢᠨ᠎ᠠ᠃ | ᠳᠠᠯᠳᠠ ᠭᠡᠮ ᠤᠨ ᠴᠡᠭ ᠤᠨ ᠨᠠᠷᠢᠨ ᠪᠠᠶᠢᠳᠠᠯ᠄ ᠲᠣᠰ ᠳᠠᠯᠳᠠ ᠭᠡᠮ ᠤᠨ ᠴᠢᠭ ᠨᠢ ᠶᠤᠸᠠᠨ ᠯᠢᠨ ᠨᠡᠭᠦᠷᠡᠰᠦᠨ | ᠠᠭᠤᠷᠬᠠᠶ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠪᠠᠶᠢᠵᠤ᠂ ᠲᠠᠯᠠᠪᠠᠶ ᠨᠢ 4.17 ᠲᠡᠭᠰᠢ ᠳᠥᠷᠪᠡᠯᠵᠢᠨ | ᠺᠢᠯᠤᠮᠸᠲᠷ ᠪᠠᠶᠢᠵᠤ᠂ ᠭᠤᠤᠯᠳᠠᠭᠤ ᠨᠠᠰᠢ ᠴᠠᠰᠢ ᠥᠩᠭᠡᠷᠡᠬᠦ ᠬᠥᠮᠦᠨ᠂ ᠲᠡᠷᠭᠡ ᠬᠥᠰᠬᠡ ᠵᠢᠴᠢ | ᠬᠤᠳᠳᠤᠭ ᠳᠣᠤᠷᠠᠬᠢ ᠠᠵᠢᠯᠲᠠᠨ ᠤ ᠠᠮᠤᠷ ᠲᠦᠪᠰᠢᠨ ᠢ ᠰᠦᠷᠳᠡᠭᠦᠯᠦᠨ᠎ᠡ᠃ | ᠳᠥᠷᠪᠡ᠂ ᠠᠮᠠᠷᠬᠠᠨ ᠡᠭᠦᠰᠬᠦ ᠬᠡᠮᠵᠢᠶ᠎ᠡ ᠬᠢᠭᠡᠳ ᠰᠡᠷᠭᠡᠶᠢᠯᠡᠨ ᠵᠠᠰᠠᠬᠤ ᠣᠷᠣᠨ ᠤ ᠬᠤᠪᠢᠶᠠᠷᠢᠯᠠᠯ | ᠠᠮᠠᠷᠬᠠᠨ ᠡᠭᠦᠰᠬᠦ ᠬᠡᠮᠵᠢᠶ᠎ᠡ᠄ ᠪᠦᠬᠦ ᠰᠢᠶᠠᠨᠢ ᠪᠦᠷ ᠳᠣᠣᠷ᠎ᠠ ᠠᠮᠠᠷᠬᠠᠨ ᠡᠭᠦᠰᠬᠦ ᠣᠷᠣᠨ ᠪᠠ ᠠᠮᠠᠷᠬᠠᠨ ᠡᠭᠦᠰᠬᠦ | ᠦᠭᠡᠢ ᠣᠷᠣᠨ᠃ | ᠰᠡᠷᠭᠡᠶᠢᠯᠡᠨ ᠵᠠᠰᠠᠬᠤ ᠬᠤᠪᠢᠶᠠᠷᠢ ᠲᠣᠭᠤᠷᠢᠭ᠄ | ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ᠄ ᠶᠣᠸᠠᠨ ᠯᠢᠨ ᠨᠡᠭᠦᠷᠡᠰᠦᠨ ᠠᠭᠤᠷᠬᠠᠢ ᠶᠢᠨ ᠮᠠᠯᠲᠠᠵᠤ | ᠬᠥᠨᠳᠡᠶᠢᠷᠡᠭᠦᠯᠦᠭᠰᠡᠨ ᠣᠷᠣᠨ ᠤ ᠲᠠᠯᠠᠪᠠᠢ ᠨᠢ ᠪᠦᠬᠦ ᠰᠢᠶᠠᠨ ᠤ 1.65% ᠶᠢ ᠡᠵᠡᠯᠡᠵᠦ᠂ ᠭᠤᠣᠯᠳᠠᠭᠤ ᠭᠠᠵᠠᠷ ᠤᠨ | ᠭᠠᠳᠠᠷᠭᠤ ᠴᠥᠮᠥᠷᠡᠬᠦ ᠶᠢ ᠰᠡᠷᠭᠡᠶᠢᠯᠡᠨ ᠵᠠᠰᠠᠨ᠎ᠠ᠃ | ᠡᠩ ᠤᠨ ᠰᠡᠷᠭᠡᠶᠢᠯᠡᠨ ᠵᠠᠰᠠᠬᠤ ᠣᠷᠣᠨ᠄ ᠪᠤᠰᠤᠳ ᠭᠠᠵᠠᠷ ᠣᠷᠣᠨ᠄ ᠲᠠᠯᠠᠪᠠᠶ ᠨᠢ ᠪᠦᠬᠦ ᠰᠢᠶᠠᠨ ᠤ 98. | 35% ᠢ ᠡᠵᠡᠯᠡᠵᠦ᠂ ᠭᠤᠤᠯᠳᠠᠭᠤ ᠨᠤᠷᠠᠵᠤ ᠶᠡᠭᠦᠷᠡᠬᠦ ᠶᠢ ᠰᠡᠷᠭᠡᠶᠢᠯᠡᠨ᠂ ᠵᠠᠰᠠᠮᠠᠯ ᠵᠠᠮ ᠤᠨ ᠬᠤᠶᠠᠷ ᠬᠠᠵᠠᠭᠤ | ᠬᠢᠭᠡᠳ ᠠᠭᠤᠷᠬᠠᠶ ᠶᠢᠨ ᠠᠮᠤᠷ ᠲᠦᠪᠰᠢᠨ ᠢ ᠰᠦᠷᠳᠡᠭᠦᠯᠦᠨ᠎ᠡ᠃ | ᠲᠠᠪᠤ᠂ ᠲᠤᠯᠭᠠᠷᠠᠵᠤ ᠪᠠᠶᠢᠭ᠎ᠠ ᠪᠠᠶᠢᠳᠠᠯ | 1. ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨ᠎ᠡ ᠣᠨᠣᠯᠵᠢᠬᠤᠨ ᠳᠤ᠄ ᠠᠷᠠᠳ ᠲᠦᠮᠡᠨ ᠤ ᠠᠮᠢ | ᠨᠠᠰᠤᠨ ᠤ ᠠᠮᠤᠷ ᠲᠦᠪᠰᠢᠨ ᠢ ᠳᠡᠭᠡᠳᠦᠯᠡᠵᠦ᠂ ᠭᠠᠵᠠᠷ ᠤᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ | ᠥᠨᠳᠥᠷ ᠪᠦᠲᠦᠮᠵᠢᠲᠡᠶ ᠰᠢᠨᠵᠢᠯᠡᠬᠦ ᠤᠬᠠᠭᠠᠨᠴᠢ ᠰᠢᠰᠲ᠋ᠧᠮ ᠢ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ | 2. ᠣᠨᠴᠠᠭᠠᠶ ᠴᠠᠭ ᠠᠭᠤᠷ ᠨᠡᠮᠡᠭᠳᠡᠨ᠎ᠡ᠄ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠪᠠᠶᠢᠳᠠᠯ ᠬᠦᠨᠳᠦ | ᠨᠣᠴᠢᠲᠠᠶ ᠪᠠᠶᠢᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠣᠨᠣᠪᠴᠢᠲᠤ ᠴᠢᠨᠠᠷ ᠪᠠ ᠬᠤᠭᠤᠴᠠᠭᠠᠲᠤ | ᠴᠢᠨᠠᠷ ᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ | 3. ᠨᠡᠶᠢᠬᠡᠮ ᠠᠵᠦ ᠠᠬᠤᠢ ᠶᠢᠨ ᠭᠦᠭᠵᠢᠯᠳᠡ ᠶᠢᠨ ᠲᠠᠷᠤᠭᠠᠰᠤ᠄ ᠪᠦᠳᠦᠬᠡᠨ ᠪᠠᠶᠢᠭᠤᠯᠤᠯᠳᠠ ᠲᠦᠷᠬᠡᠳᠬᠦ ᠶᠢ | ᠲᠠᠭᠠᠯᠳᠤᠨ᠂ ᠭᠠᠵᠠᠷ ᠰᠢᠨᠵᠢᠯᠡᠬᠡᠨ ᠤ ᠤᠷᠴᠢᠨ ᠲᠤᠭᠤᠷᠢᠨ ᠨᠦᠯᠦᠬᠡ ᠠᠴᠠ ᠪᠤᠯᠵᠦ᠂ ᠭᠠᠵᠠᠷ ᠰᠢᠨᠵᠢᠯᠡᠬᠡᠨ ᠤ ᠭᠠᠢ | ᠭᠠᠮᠰᠢᠭ ᠢ ᠰᠡᠷᠬᠡᠶᠢᠯᠡᠨ ᠵᠠᠰᠠᠬᠤ ᠱᠠᠭᠠᠷᠳᠠᠯᠭ᠎ᠠ ᠶᠢ ᠲᠡᠬᠡᠭᠰᠢᠯᠡᠬᠦᠯᠦᠨ᠎ᠠ᠃ | ᠵᠢᠷᠭᠤᠭ᠎ᠠ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ | 1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠄ ᠭᠠᠵᠠᠷ ᠤᠨ ᠭᠠᠮᠰᠢᠭ ᠢ ᠰᠡᠷᠭᠡᠶᠢᠯᠡᠨ | ᠵᠠᠰᠠᠬᠤ ᠵᠢᠯᠣᠭᠤᠳᠬᠤ ᠭᠠᠵᠠᠷ ᠢ ᠪᠠᠶᠢᠭᠤᠯᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠰᠡᠷᠭᠡᠶᠢᠯᠡᠨ | ᠵᠠᠰᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ | 2. ᠰᠡᠷᠭᠡᠶᠢᠯᠡᠨ ᠵᠠᠰᠠᠬᠤ ᠠᠵᠢᠯ᠄ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠣᠯᠠᠨ ᠢᠶᠠᠷ ᠢᠶᠠᠨ | ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠲᠣᠤᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ︽ᠴᠢᠭ | ᠪᠦᠷᠢ ᠳᠤ ᠬᠠᠮᠢᠶᠠᠷᠬᠤ ᠬᠥᠮᠦᠨ ᠲᠠᠢ᠂ ᠭᠠᠵᠠᠷ ᠪᠣᠯᠭᠠᠨ ᠳᠤ ᠠᠳᠬᠤᠬᠤ ᠬᠥᠮᠦᠨ ᠲᠠᠢ︾ ᠪᠠᠶᠢᠬᠤ ᠶᠢ ᠦᠨᠡᠨᠬᠦ | ᠪᠠᠲᠤᠯᠠᠨ᠎ᠠ᠃ | 3. ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ᠄ ᠪᠠᠴᠢᠮ ᠪᠠᠶᠢᠳᠠᠯ ᠢ ᠠᠷᠭᠠᠴᠠᠬᠤ ᠪᠠᠶᠢᠭᠤᠯᠤᠮᠵᠢ ᠪᠣᠯᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠳᠠᠬᠢ ᠳᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ | 4. ᠦᠶᠡᠷ ᠤᠨ ᠬᠤᠭᠤᠴᠠᠭᠠᠨ ᠳᠤ ᠵᠢᠭᠰᠠᠭᠠᠨ ᠪᠠᠶᠢᠴᠠᠭᠠᠵᠤ ᠲᠣᠭᠤᠷᠢᠨ ᠪᠠᠶᠢᠴᠠᠭᠠᠬᠤ᠄ ᠦᠶᠡᠷ ᠤᠨ | ᠬᠤᠭᠤᠴᠠᠭᠠᠨ ᠤ ᠭᠠᠵᠠᠷ ᠤᠨ ᠭᠠᠶ ᠭᠠᠮᠰᠢᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠳᠠᠯᠳᠠ ᠬᠡᠮ ᠢ ᠴᠠᠭ | ᠲᠤᠬᠠᠶ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠠᠷᠠᠳ ᠲᠦᠮᠡᠨ ᠤ ᠠᠮᠤᠷ ᠲᠦᠪᠰᠢᠨ ᠢ ᠦᠨᠡᠨᠬᠦ | ᠪᠠᠲᠤᠯᠠᠬᠤ ᠬᠡᠷᠡᠭᠲᠡᠶ᠃ | 5. ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠄ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ | ᠬᠢᠷᠢ ᠲᠦᠪᠰᠢᠨ ᠢ ᠳᠡᠭᠡᠭᠰᠢᠯᠡᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ | ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ ᠶᠢ ᠪᠠᠲᠤᠯᠠᠨ᠎ᠠ᠃ | 6. ᠵᠢᠵᠢᠭᠦᠷᠯᠡᠬᠦ ᠪᠠ ᠲᠦᠷᠭᠡᠨ ᠮᠡᠳᠡᠭᠦᠯᠬᠦ ᠳᠦᠷᠢᠮ᠄ ᠦᠶᠡᠷ ᠤᠨ ᠬᠤᠭᠤᠴᠠᠭᠠᠨ ᠤ ᠵᠢᠵᠢᠭᠦᠷᠯᠡᠬᠦ ᠳᠦᠷᠢᠮ ᠢ | ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠵᠤ᠂ ᠭᠠᠮᠰᠢᠭ ᠤᠨ | ᠪᠠᠶᠢᠳᠠᠯ ᠲᠦᠭᠰᠢᠭᠦᠷᠢᠲᠦ ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ | 7. ᠠᠶᠤᠯᠲᠤ ᠴᠢᠨᠠᠷ ᠢ ᠦᠨᠡᠯᠡᠨ ᠵᠢᠱᠢᠬᠦ᠄ ᠦᠨᠡᠯᠡᠨ ᠵᠢᠱᠢᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠠᠵᠠᠷ ᠤᠨ | ᠭᠠᠮᠰᠢᠭ ᠡᠭᠦᠰᠬᠦ ᠶᠢ ᠡᠬᠢ ᠡᠭᠦᠰᠦᠯ ᠠᠴᠠ ᠨᠢ ᠡᠵᠡᠮᠳᠡᠨ᠎ᠡ᠃ | 8 ᠮᠡᠳᠡᠯᠭᠡ ᠶᠢᠨ ᠤᠬᠠᠭᠤᠯᠭ᠎ᠠ᠄ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢ | ᠴᠢᠩᠭᠠᠳᠬᠠᠵᠤ᠂ ᠤᠯᠠᠨ ᠨᠡᠶᠢᠲᠡ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠪᠣᠯᠤᠨ | ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 9. ᠠᠭᠤᠷᠬᠠᠶ ᠶᠢᠨ ᠣᠷᠣᠨ ᠬᠢᠭᠡᠳ ᠵᠠᠮ ᠬᠠᠷᠢᠯᠴᠠᠭ᠎ᠠ ᠳᠠᠭᠠᠤ ᠶᠢᠨ ᠰᠡᠷᠭᠡᠶᠢᠯᠡᠨ ᠵᠠᠰᠠᠬᠤ᠄ ᠠᠭᠤᠷᠬᠠᠶ ᠶᠢᠨ | ᠣᠷᠣᠨ ᠪᠠ ᠵᠠᠮ ᠬᠠᠷᠢᠯᠴᠠᠭ᠎ᠠ ᠳᠠᠭᠠᠤ ᠶᠢᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠣᠨᠴᠠᠭᠠᠶᠢᠯᠠᠨ | ᠠᠩᠬᠠᠷᠴᠤ᠂ ᠠᠮᠤᠷ ᠲᠦᠪᠰᠢᠨ ᠢᠶᠠᠷ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠲᠤᠯᠤᠭ᠎ᠠ᠂ ᠳ᠋ᠥᠩᠨᠡᠯᠲᠡ | ᠬᠤᠸᠠᠳᠧ ᠰᠢᠶᠠᠨ ᠤ 2024 ᠣᠨ ᠳᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠰᠦᠯ ᠨᠢ | ᠰᠡᠷᠭᠡᠶᠢᠯᠡᠨ ᠵᠠᠰᠠᠬᠤ ᠬᠠᠷᠠᠯᠲᠠ ᠶᠢ ᠲᠣᠳᠣᠷᠬᠠᠶᠢᠯᠠᠬᠤ᠂ ᠬᠠᠨᠳᠤᠰᠢ ᠶᠢ ᠲᠥᠰᠦᠭᠡᠯᠡᠬᠦ᠂ ᠰᠡᠷᠭᠡᠶᠢᠯᠡᠨ ᠵᠠᠰᠠᠬᠤ ᠣᠷᠣᠨ | ᠪᠦᠰᠡ ᠶᠢ ᠬᠤᠪᠢᠶᠠᠷᠢᠯᠠᠬᠤ ᠪᠠᠷ ᠳᠠᠮᠵᠢᠨ ᠵᠠᠳᠠᠯᠤᠯᠲᠠ ᠬᠢᠨ᠎ᠡ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | | |