ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠬᠤᠸᠠᠳᠧ ᠰᠢᠶᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ | ᠲᠥᠰᠦᠯ︾ ᠢ ᠰᠢᠶᠠᠨ ᠤ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ | ᠲᠤᠤᠱᠯᠠᠭᠤᠯᠤᠨ ᠬᠡᠷᠡᠭᠵᠢᠭᠦᠯᠲᠦᠭᠡᠶ᠃ | 2024 ᠣᠨ ᠤ 4 ᠰᠠᠷ᠎ᠠ ᠶᠢᠨ 11 ᠤ ᠡᠳᠦᠷ | ᠬᠤᠸᠠᠳᠧ ᠰᠢᠶᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ | ᠲᠥᠰᠦᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ | ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ᠂ | ᠲᠥᠪ ᠠᠴᠠ ᠣᠯᠭᠤᠭᠰᠠᠨ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠪᠠ ︽ᠥᠪᠥᠷ ᠮᠣᠩᠭᠤᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ | ︹2020︺ 16 ᠳ᠋ᠤᠭᠠᠷ ᠲᠣᠭᠠᠲᠤ︶ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ︽ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ︾᠂ ︽ᠴᠡᠴᠡᠭᠯᠡᠨ ᠵᠢᠮᠢᠰᠯᠡᠬᠦ︾᠂ ᠲᠥᠷᠥ ᠶᠢᠨ ᠪᠣᠳᠣᠯᠭ᠎ᠠ ᠶᠢ | ᠢᠵᠢ ᠪᠥᠷᠢᠳᠦᠭᠦᠯᠬᠦ ᠶᠢ ᠦᠨᠡᠨ ᠬᠦ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠪᠣᠳᠠᠲᠤ | ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠬᠤᠸᠠᠳᠧ | ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ | ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠢ ᠰᠤᠷᠤᠯᠴᠠᠨ ᠲᠤᠤᠱᠯᠠᠭᠤᠯᠵᠤ ᠂ | ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ | ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ | ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ ︽ᠭᠤᠷᠪᠠᠨ ᠭᠤᠷᠪᠠ︾ ᠶᠢᠨ ᠬᠥᠭᠵᠢᠯᠲᠡ ᠶᠢᠨ | ᠠᠷᠭ᠎ᠠ ᠵᠠᠮ ᠢᠶᠠᠷ ︽ᠰᠢᠨ᠎ᠡ ᠵᠠᠮ ᠢ ᠨᠡᠭᠡᠭᠡᠵᠦ᠂ ᠳᠤᠮᠳᠠᠳᠤ ᠤᠯᠤᠰ ᠤᠨ ᠵᠢᠭᠤᠯᠴᠢᠯᠠᠯ︾ ᠢ ᠭᠦᠨᠵᠡᠭᠡᠶ | ᠬᠡᠷᠡᠭᠵᠢᠭᠦᠯᠵᠦ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠵᠣᠷᠢᠭᠲᠠᠶ ᠪᠠᠷ ᠴᠢᠳᠠᠮᠠᠭᠠᠶ ᠪᠠᠷ ᠬᠢᠬᠦ ᠶᠢ | ᠠᠬᠢᠭᠤᠯᠵᠤ᠂ ᠤᠯᠤᠰ ᠤᠨ ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠪᠠ ᠲᠥᠪ ᠬᠤᠷᠢᠶ᠎ᠠ ᠠᠴᠠ | ᠥᠪᠥᠷ ᠮᠣᠩᠭᠤᠯ ᠳᠤ ᠣᠯᠭᠤᠭᠰᠠᠨ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠶᠢ ᠮᠠᠨ ᠤ ᠰᠢᠶᠠᠨ ᠳᠤ | ᠲᠦᠷᠭᠡᠪᠴᠢᠯᠡᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ︽ᠬᠤᠸᠠᠳᠧ ᠶᠢᠨ ᠬᠠᠷᠢᠭᠤᠯᠲᠠ ᠶᠢᠨ ᠬᠠᠭᠤᠳᠠᠰᠤ | ︾ ᠶᠢ ᠴᠢᠷᠮᠠᠶᠢᠨ ᠪᠢᠴᠢᠭᠯᠡᠪᠡ᠃ | ︵ᠬᠤᠶᠠᠷ︶ ᠠᠵᠢᠯ ᠤᠨ ᠱᠠᠭᠠᠷᠳᠠᠯᠭ᠎ᠠ᠃ | - ᠭᠦᠢᠴᠡᠳ ᠬᠡᠷᠡᠭᠯᠡᠬᠦ ᠳᠡᠭᠡᠷ᠎ᠡ ᠬᠦᠴᠦ ᠲᠠᠯᠪᠢᠵᠤ᠃ ᠨᠢᠭᠡᠨᠲᠡ ᠲᠣᠳᠣᠷᠬᠠᠶᠢᠯᠠᠭᠰᠠᠨ ᠲᠦᠷᠦ ᠶᠢᠨ | ᠪᠤᠳᠤᠯᠭ᠎ᠠ ᠶᠢ ᠵᠦᠢᠯ ᠵᠤᠷᠪᠤᠰ ᠳᠠᠷᠠᠭᠠᠯᠠᠨ ᠰᠤᠳᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠭᠦᠨᠵᠡᠭᠡᠶᠢᠷᠡᠭᠦᠯᠦᠨ ᠨᠠᠷᠢᠯᠢᠬᠵᠢᠭᠤᠯᠵᠤ᠂ ︽ᠡᠳ᠋ᠯᠡᠬᠦ ᠶᠣᠰᠣᠲᠠᠢ ᠶᠢ ᠨᠢ ᠪᠦᠬᠦᠨ ᠢ ᠡᠳ᠋ᠯᠡᠬᠦ︾᠂ ︽ᠪᠦᠬᠦᠨ ᠢ ᠢᠳᠡᠬᠦ | ︾ ᠶᠢ ᠡᠷᠡᠰ ᠪᠡᠶᠡᠯᠡᠭᠦᠯᠬᠦ ᠬᠡᠷᠡᠭᠲᠡᠢ᠃ | - ᠰᠠᠶᠢᠲᠤᠷ ᠬᠡᠷᠡᠭᠯᠡᠬᠦ ᠳᠡᠭᠡᠷ᠎ᠡ ᠬᠦᠴᠦ ᠲᠠᠯᠪᠢᠨ᠎ᠠ᠃ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ᠂ | ᠪᠠᠷᠠᠭᠠᠯᠬᠢᠯᠠᠯᠳᠤ ᠴᠢᠨᠠᠷ ᠤᠨ ᠲᠥᠷᠥ ᠶᠢᠨ ᠪᠣᠳᠣᠯᠭ᠎ᠠ ᠶᠢ ᠭᠦᠨᠵᠡᠭᠡᠶ ᠥᠷᠨᠢᠭᠦᠯᠵᠦ᠂ ᠵᠣᠷᠢᠭᠲᠠᠶ ᠪᠠᠷ ︽ᠤᠷᠢᠳᠠᠪᠠᠷ | ᠬᠡᠷᠡᠭᠵᠢᠭᠦᠯᠵᠦ ᠤᠷᠢᠳᠠᠪᠠᠷ ᠲᠤᠷᠰᠢᠵᠤ︾᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠰᠢᠨ᠎ᠡ ᠰᠣᠷᠭᠤᠭ | ᠲᠤᠷᠰᠢᠯᠭ᠎ᠠ ᠶᠢ ᠲᠦᠷᠭᠡᠪᠴᠢᠯᠡᠨ ᠪᠣᠶ ᠪᠣᠯᠭᠠᠬᠤ ᠬᠡᠷᠡᠭᠲᠡᠶ᠃ | - ᠠᠮᠢᠳᠤᠯᠢᠭ ᠬᠡᠷᠡᠭᠯᠡᠬᠦ ᠳᠡᠭᠡᠷ᠎ᠡ ᠬᠦᠴᠦ ᠲᠠᠯᠪᠢᠨ᠎ᠠ᠃ ᠨᠢᠭᠡᠨᠲᠡ ᠭᠥᠷᠳᠡᠭᠰᠡᠨ ᠲᠥᠷᠥ ᠶᠢᠨ ᠪᠣᠳᠣᠯᠭ᠎ᠠ ᠶᠢᠨ | ᠲᠥᠷᠥᠯ ᠵᠦᠢᠯ ᠳᠤ ᠰᠤᠳᠤᠯᠤᠨ ᠨᠤᠲᠠᠯᠠᠯᠲᠠ ᠬᠢᠬᠦ ᠪᠠᠨ ᠴᠢᠩᠭᠠᠳᠬᠠᠵᠤ᠂ ᠡᠭᠦᠰᠦᠮᠡᠯ ᠠᠵᠢᠯ ᠢ ᠰᠠᠶᠢᠲᠤᠷ ᠬᠢᠵᠦ᠂ | ︽ᠨᠢᠭᠡ ᠶᠢ ᠰᠣᠨᠣᠰᠪᠠᠯ ᠠᠷᠪᠠ ᠶᠢ ᠮᠡᠳᠡᠬᠦ︾᠂ ︽ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ︾᠂ ᠲᠥᠷᠥ ᠶᠢᠨ | ᠪᠣᠳᠣᠯᠭ᠎ᠠ ᠶᠢᠨ ᠬᠤᠷᠠᠮᠳᠤᠯ ᠢ ᠴᠢᠷᠮᠠᠶᠢᠨ ᠪᠡᠶᠡᠯᠡᠭᠦᠯᠬᠦ ᠬᠡᠷᠡᠭᠲᠡᠶ᠃ | ︵ᠭᠤᠷᠪᠠ︶ ᠭᠤᠤᠯ ᠬᠠᠷᠠᠯᠲᠠ᠃ ᠨᠢᠭᠡ ᠵᠢᠯ ᠤᠨ ᠴᠢᠷᠮᠠᠶᠢᠯᠭ᠎ᠠ ᠪᠠᠷ ᠳᠡᠮᠵᠢᠨ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ ᠢ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠭᠠᠬᠤ ᠪᠠᠷ ᠴᠢᠷᠮᠠᠶᠢᠨ᠎ᠠ᠃ | ᠡᠭᠦᠨ ᠳᠤ᠂ ᠮᠠᠨ ᠤ ᠰᠢᠶᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠲᠥᠰᠦᠯ ᠤᠨ | ᠡᠭᠦᠷᠭᠡ ᠶᠢᠨ ᠨᠠᠷᠢᠨ ᠬᠠᠭᠤᠳᠠᠰᠤ ᠶᠢ ᠪᠦᠬᠦᠨ ᠢ ᠪᠡᠶᠡᠯᠡᠭᠦᠯᠦᠭᠰᠡᠨ ᠪᠥᠭᠡᠳ ᠢᠯᠡᠳᠲᠡ ᠦᠷ᠎ᠡ ᠪᠦᠲᠦᠮᠵᠢ ᠤᠯᠪᠠ︔ | ᠮᠠᠨ ᠤ ᠰᠢᠶᠠᠨ ᠤ ᠴᠢᠬᠤᠯᠠ ᠶᠡᠭᠡ ᠲᠥᠷᠥᠯ ᠵᠦᠢᠯ ᠢ ᠱᠠᠭᠠᠷᠳᠠᠯᠭ᠎ᠠ ᠶᠣᠰᠣᠭᠠᠷ ᠴᠠᠭ ᠤᠨ ᠬᠢᠵᠠᠭᠠᠷ ᠶᠣᠰᠣᠭᠠᠷ ︽ | ᠨᠡᠭᠡᠭᠡᠵᠦ ᠳᠡᠶᠢᠯᠬᠦ︾ ᠶᠢ ᠪᠡᠶᠡᠯᠡᠭᠦᠯᠪᠡ︔ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠲᠥᠷᠥ ᠶᠢᠨ | ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠳᠡᠮᠵᠢᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ | ᠠᠯᠬᠤᠮ ᠶᠡᠬᠡᠰᠬᠡᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠯᠠ ᠮᠥᠩᠭᠦ ᠶᠢ ᠢᠯᠡᠳᠲᠡ | ᠨᠡᠮᠡᠭᠳᠡᠭᠦᠯᠬᠦ ᠪᠠᠷ ᠴᠢᠷᠮᠠᠶᠢᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠰᠠᠨᠠᠯ︾ ᠢ ᠨᠠᠶᠢᠳᠠᠪᠤᠷᠢᠵᠢᠭᠤᠯᠬᠤ ᠶᠢ | ᠪᠥᠬᠦ ᠲᠠᠯ᠎ᠠ ᠪᠠᠷ ᠰᠠᠶᠢᠲᠤᠷ ᠠᠳᠬᠤᠨ᠎ᠠ᠃ | 1. ᠳᠡᠭᠡᠳᠦ ᠱᠠᠲᠤᠨ ᠤ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠨᠡᠪᠲᠡᠷᠡᠯᠴᠡᠨ ᠵᠣᠯᠭᠠᠭᠤᠯᠬᠤ ᠶᠢ | ᠴᠢᠩᠭᠠᠳᠬᠠᠵᠤ᠂ ︽ᠰᠠᠨᠠᠯ︾ ᠤᠨ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠠᠬᠢᠭᠤᠯᠤᠨ᠂ | ᠨᠢᠭᠡᠨᠲᠡ ᠨᠡᠶᠢᠲᠡᠯᠡᠭᠰᠡᠨ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠤᠬᠠᠭᠤᠯᠬᠤ᠂ ᠨᠠᠶᠢᠳᠠᠪᠤᠷᠢᠵᠢᠭᠤᠯᠬᠤ | ᠠᠵᠢᠯ ᠢ ᠵᠡᠷᠭᠡ ᠪᠠᠷ ᠰᠠᠶᠢᠲᠤᠷ ᠠᠳᠬᠤᠨ᠎ᠠ᠃ | 2. ᠬᠤᠸᠠᠳᠧ ᠰᠢᠶᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠡᠭᠦᠷᠭᠡ ᠶᠢᠨ | ᠬᠤᠪᠢᠶᠠᠷᠢᠯᠠᠯ ᠤᠨ ᠨᠠᠷᠢᠨ ᠬᠠᠭᠤᠳᠠᠰᠤ ᠪᠠ ᠴᠢᠬᠤᠯᠠ ᠶᠡᠭᠡ ᠲᠥᠷᠥᠯ ᠵᠦᠢᠯ ᠤᠨ ᠨᠠᠷᠢᠨ ᠬᠠᠭᠤᠳᠠᠰᠤ ᠶᠢ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠨ᠎ᠠ᠃ | 3᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ | ᠪᠥᠲᠥᠭᠡᠨ ᠪᠠᠶᠢᠭᠤᠯᠬᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠪᠠᠬᠢᠵᠢᠭᠦᠯᠬᠦ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ ᠢ ᠪᠥᠲᠥᠭᠡᠨ ᠪᠠᠶᠢᠭᠤᠯᠬᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠥᠲᠥᠭᠡᠨ ᠪᠠᠶᠢᠭᠤᠯᠬᠤ᠂ ᠤᠯᠤᠰ ᠤᠨ ᠤᠮᠠᠷᠠᠰᠢ ᠨᠡᠭᠡᠭᠡᠨ | ᠬᠥᠭᠵᠢᠭᠦᠯᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ | ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠬᠦ᠂ ᠣᠯᠠᠨ | ᠡᠰᠢᠲᠦ ᠬᠥᠭᠵᠢᠯᠲᠡ ᠶᠢᠨ ᠣᠯᠠᠨ ᠲᠦᠢᠯᠰᠢᠷᠠᠯ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠥᠲᠥᠭᠡᠨ | ᠪᠠᠶᠢᠭᠤᠯᠬᠤ ᠵᠡᠷᠭᠡ 7 ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠡᠷᠡᠭᠵᠢᠭᠦᠯᠬᠦ ᠲᠥᠰᠦᠯ ᠢ ᠦᠨᠳᠦᠰᠦᠯᠡᠨ ᠣᠨ ᠤ | ᠡᠭᠦᠷᠭᠡ ᠶᠢᠨ ᠨᠠᠷᠢᠨ ᠲᠠᠩᠰᠠ ᠶᠢ ᠲᠣᠰ ᠲᠣᠰ ᠲᠣᠭᠲᠠᠭᠠᠪᠠ᠃ ︵ᠰᠢᠶᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠲᠤᠰᠬᠠᠶ | ᠳᠤᠭᠤᠶᠢᠯᠠᠩ︶ | ︵ᠬᠤᠶᠠᠷ︶ ᠴᠢᠷᠮᠠᠶᠢᠵᠤ ᠪᠠᠶᠢᠭᠠᠳ ᠲᠥᠷᠥ ᠶᠢᠨ ᠪᠣᠳᠣᠯᠭ᠎ᠠ ᠶᠢᠨ ᠣᠷᠣᠨ ᠵᠠᠢ ᠶᠢ ᠥᠷᠭᠡᠳᠬᠡᠵᠦ᠃ | 1. ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠨ ᠠᠭᠤᠳᠠᠯᠵᠤ᠂ ᠣᠯᠵᠤ ᠪᠣᠯᠬᠤ ᠲᠥᠷᠥᠯ ᠵᠦᠢᠯ ᠪᠠ | ᠪᠡᠯᠡ ᠮᠥᠩᠭᠦ ᠶᠢᠨ ᠳᠡᠮᠵᠢᠯᠭᠡ ᠪᠣᠯᠭᠠᠨ ᠢᠳᠡᠪᠬᠢᠲᠡᠶ ᠪᠠᠷ ᠬᠤᠪᠢᠷᠠᠭᠤᠯᠤᠨ᠎ᠠ᠃ | ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ | ᠲᠠᠯ᠎ᠠ ᠪᠠᠷ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠲᠥᠷᠥᠯ ᠵᠦᠢᠯ ᠤᠨ ᠪᠡᠯᠡ ᠮᠥᠩᠭᠦ ᠶᠢ ᠶᠡᠬᠡᠪᠡᠷ | ᠣᠯᠵᠤ᠂ ᠳᠡᠭᠡᠳᠦ ᠱᠠᠲᠤᠨ ᠤ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠨᠤᠭᠤ ᠭᠠᠵᠠᠷ ᠢ | ᠬᠠᠮᠠᠭᠠᠯᠠᠨ ᠰᠡᠷᠭᠦᠭᠡᠬᠦ ᠵᠡᠷᠭᠡ ᠲᠤᠰᠬᠠᠶ ᠵᠦᠢᠯ ᠤᠨ ᠪᠡᠯᠡ ᠮᠥᠩᠭᠦ ᠪᠠᠷ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠳᠡᠮᠵᠢᠬᠦ ᠪᠠᠷ ᠢᠳᠡᠪᠬᠢᠲᠡᠢ ᠴᠢᠷᠮᠠᠶᠢᠨ᠎ᠠ᠃ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ | ᠠᠬᠤᠶ ᠶᠢ ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ ᠢ ᠦᠷᠭᠦᠯᠵᠢᠯᠡᠨ ᠰᠠᠶᠢᠲᠤᠷ ᠠᠳᠬᠤᠵᠤ᠂ ᠴᠠᠭᠠᠨᠨᠠᠭᠤᠷ ᠤᠨ | ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢ ᠪᠦᠬᠦ | ᠬᠦᠴᠦᠨ ᠢᠶᠠᠷ ᠢᠶᠠᠨ ᠣᠯᠵᠤ᠂ ᠴᠠᠭᠠᠨᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠶᠢ | ᠲᠦᠯᠬᠢᠨ ᠠᠬᠢᠭᠤᠯᠵᠤ᠂ ᠰᠠᠪᠠ ᠭᠠᠵᠠᠷ ᠤᠨ ᠳᠣᠲᠣᠷᠠᠬᠢ ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢ ᠠᠯᠬᠤᠮ | ᠠᠯᠬᠤᠮ ᠢᠶᠠᠷ ᠰᠡᠷᠭᠦᠭᠡᠨ᠎ᠡ᠃ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ᠂ ᠴᠠᠭ ᠠᠭᠤᠷ ᠤᠨ ᠲᠣᠪᠴᠢᠶ᠎ᠠ︶᠃ ᠲᠠᠴᠢᠷᠳᠠᠭᠰᠠᠨ ᠣᠶ ᠰᠢᠭᠤᠶ ᠨᠤᠲᠤᠭ ᠪᠡᠯᠴᠢᠭᠡᠷ ᠢ ᠰᠡᠷᠭᠦᠭᠡᠬᠦ | ᠠᠵᠢᠯ ᠢ ᠢᠳᠡᠪᠬᠢᠲᠡᠶ ᠥᠷᠨᠢᠭᠦᠯᠵᠦ᠂ ︽ᠭᠤᠷᠪᠠᠨ ᠤᠮᠠᠷᠠᠲᠤ ᠶᠢᠨ ᠢᠨᠵᠧᠨᠧᠷᠢᠩ︾ ᠤᠨ ᠵᠢᠷᠭᠤᠳᠤᠭᠠᠷ | ᠬᠤᠭᠤᠴᠠᠭ᠎ᠠ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ᠂ ᠠᠯᠪᠠᠨ ᠵᠢᠷᠤᠮ ᠤᠨ ᠮᠣᠳᠣ ᠳᠠᠷᠢᠬᠤ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠭᠦᠨᠵᠡᠭᠡᠶ ᠬᠡᠷᠡᠭᠵᠢᠭᠦᠯᠵᠦ᠂ ᠬᠤᠯᠠᠨ | ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠠ ︵ᠣᠶ ᠰᠢᠭᠤᠶ | ᠡᠪᠡᠰᠦ ᠪᠡᠯᠴᠢᠭᠡᠷ ᠤᠨ ᠲᠣᠪᠴᠢᠶ᠎ᠠ︶᠃ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠰᠠᠯᠬᠢᠨ | ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ 50 ᠲᠦᠮᠡᠨ ᠺᠢᠯᠣᠸᠠᠲ᠂ ᠬᠡᠷᠡᠯ ᠴᠡᠨᠡᠭ ᠤᠨ ᠮᠠᠰᠢᠨ | ᠴᠣᠭᠴᠠᠯᠠᠪᠤᠷᠢ 100 ᠲᠦᠮᠡᠨ ᠺᠢᠯᠣᠸᠠᠲ᠂ ︽ᠬᠡᠷᠡᠯ ᠴᠡᠨᠡᠭ ᠤᠨ ᠲᠥᠷᠥᠯ ᠵᠦᠢᠯ ᠤᠨ ᠲᠡᠵᠢᠭᠡᠯ ᠡᠪᠡᠰᠦ ᠲᠠᠷᠢᠵᠤ | ᠠᠯᠠᠰᠢᠨ ᠬᠤᠨᠢ ᠶᠢ ᠲᠡᠵᠢᠭᠡᠨ ᠦᠷᠡᠵᠢᠭᠦᠯᠬᠦ︾ ᠬᠥᠭᠵᠢᠯᠲᠡ ᠶᠢᠨ ᠵᠠᠭᠪᠤᠷ ᠢ ᠢᠳᠡᠪᠬᠢᠲᠡᠶ ᠪᠠᠷ ᠬᠠᠶᠢᠨ | ᠰᠦᠪᠡᠭᠴᠢᠯᠡᠵᠦ᠂ ︽ᠬᠤᠨᠢᠨ ᠬᠡᠷᠡᠯ ᠢ ᠬᠠᠷᠢᠯᠴᠠᠨ ᠨᠥᠬᠦᠪᠥᠷᠢᠯᠡᠬᠦ︾ ᠶᠢ ᠪᠡᠶᠡᠯᠡᠭᠦᠯᠦᠨ᠂ ᠠᠮᠢ ᠠᠬᠤᠶ ᠶᠢᠨ ᠦᠷ᠎ᠡ | ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠢᠯᠠᠯᠲᠠ ︵ᠣᠶ ᠰᠢᠭᠤᠶ ᠡᠪᠡᠰᠦ ᠪᠡᠯᠴᠢᠭᠡᠷ ᠤᠨ | ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ︶ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠮᠠᠨ ᠤ ᠰᠢᠶᠠᠨ ᠤ ᠣᠶ | ᠰᠢᠭᠤᠶ ᠡᠪᠡᠰᠦ ᠪᠡᠯᠴᠢᠭᠡᠷ ᠤᠨ ᠨᠤᠭᠤ ᠭᠠᠵᠠᠷ ᠢ ᠬᠠᠮᠠᠭᠠᠯᠠᠬᠤ ᠵᠡᠷᠭᠡ ᠬᠦᠷᠢᠶᠡᠨ ᠳᠠᠬᠢ ᠮᠡᠷᠭᠡᠵᠢᠯ ᠤᠨ ᠪᠣᠭᠤᠮᠲᠠ | ᠰᠢᠪᠲᠤᠯᠬᠤ ᠠᠵᠢᠯ ᠥᠷᠨᠢᠭᠦᠯᠬᠦ ᠶᠢ ᠳᠡᠮᠵᠢᠬᠦ ᠪᠠᠷ ᠴᠢᠷᠮᠠᠶᠢᠨ᠎ᠠ ︵ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ︶᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠮᠠᠨ ᠤ | ᠰᠢᠶᠠᠨ ᠤ ᠲᠡᠮᠦᠷ ᠤᠨ ᠬᠠᠶᠢᠯᠤᠰᠢ᠂ ᠪᠢᠯᠢᠭ ᠲᠦᠢᠯ ᠤᠨ ᠮᠠᠲ᠋ᠧᠷᠢᠶᠠᠯ ᠵᠡᠷᠭᠡ ᠤᠯᠠᠮᠵᠢᠯᠠᠯᠲᠤ ᠠᠵᠢᠯ ᠲᠥᠷᠥᠯ ᠤᠨ | ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠨᠡᠭᠦᠷᠡᠰᠦᠲᠥ᠋ᠷᠥᠭᠴᠢ | ᠪᠠᠭᠠᠰᠬᠠᠬᠤ ᠥᠭᠡᠷᠡᠴᠢᠯᠡᠯᠲᠡ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ︵ᠡᠳ᠋ ᠤᠨ ᠵᠠᠰᠠᠭ ᠤᠨ | ᠲᠣᠪᠴᠢᠶ᠎ᠠ︶ ᠢ ᠴᠢᠩᠭᠠᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ | ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ︵ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ ᠢ ᠰᠠᠶᠢᠵᠢᠷᠠᠭᠤᠯᠤᠨ᠎ᠠ᠃ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ᠃ ᠰᠢᠨ᠎ᠡ ᠡᠨᠧᠷᠭᠢ ᠬᠢᠭᠡᠳ ᠰᠢᠨ᠎ᠡ | ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ᠂ ᠬᠠᠶᠢᠯᠤᠰᠢ ᠶᠢᠨ ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠬᠦᠷᠢᠶ᠎ᠡ | ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠲᠠᠪᠴᠠᠩ ︵ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︶ ᠢ ᠪᠠᠶᠢᠷᠢᠰᠢᠭᠤᠯᠤᠨ ᠪᠥᠲᠥᠭᠡᠨ ᠪᠠᠶᠢᠭᠤᠯᠤᠨ᠎ᠠ᠃ ᠤᠯᠤᠰ ᠤᠨ ᠨᠣᠤᠰᠣ | ᠨᠣᠯᠤᠤᠷ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠲᠥᠪ ᠤᠨ ᠬᠤᠸᠠᠳᠧ ᠶᠢᠨ ᠲᠤᠷᠰᠢᠯᠲᠠ ᠶᠢᠨ ᠲᠠᠰᠤᠭ ᠤᠨ | ᠦᠢᠯᠡᠳᠦᠯ ᠢ ᠪᠠᠳᠠᠷᠠᠭᠤᠯᠤᠨ᠂ ᠬᠤᠪᠴᠠᠰᠤ ᠬᠤᠨᠠᠷ ᠤᠨ ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢ | ᠵᠢᠷᠤᠮᠵᠢᠭᠤᠯᠤᠨ᠂ ᠦᠢᠯᠡᠳᠬᠦᠨ ᠤ ᠶᠠᠰᠤ ᠴᠢᠨᠠᠷ ︵ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ᠂ ᠠᠵᠤ | ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ︶ ᠢ ᠳᠡᠭᠡᠭᠰᠢᠯᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠲᠠᠢ ᠵᠣᠯᠭᠠᠭᠤᠯᠵᠤ᠂ ᠮᠠᠨ ᠤ ᠰᠢᠶᠠᠨ ᠤ | ᠣᠨᠴᠠᠯᠢᠭ ᠢ ᠢᠯᠡᠷᠡᠭᠦᠯᠦᠭᠰᠡᠨ ᠴᠢᠳᠠᠪᠤᠷᠢᠲᠠᠨ ᠤ ᠬᠥᠭᠵᠢᠯᠲᠡ ᠶᠢᠨ ᠲᠣᠭᠲᠠᠴᠠ ᠶᠢ ᠲᠣᠭᠲᠠᠭᠠᠵᠤ᠂ ᠮᠠᠨ ᠤ ᠰᠢᠶᠠᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠬᠥᠲᠥᠯᠦᠨ ᠳᠠᠭᠠᠭᠤᠯᠬᠤ ᠶᠢ ᠠᠬᠢᠭᠤᠯᠤᠨ᠎ᠠ ︵ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶᠃ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠡᠮᠬᠢᠯᠡᠨ | ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠠᠯᠬᠤᠴᠠ ᠪᠠᠨ ᠲᠦᠷᠭᠡᠳᠬᠡᠬᠦ ᠶᠢ ᠵᠣᠷᠢᠭᠵᠢᠭᠤᠯᠵᠤ᠂ ᠠᠵᠤ | ᠦᠢᠯᠡᠰ ᠤᠨ ᠲᠥᠪᠯᠡᠷᠡᠯ ᠤᠨ ᠬᠡᠮᠵᠢᠶ᠎ᠡ᠂ ᠮᠡᠷᠭᠡᠵᠢᠯ ᠲᠣᠨᠣᠭᠯᠠᠯ ᠤᠨ ᠬᠢᠷᠢ ᠲᠦᠪᠰᠢᠨ ᠪᠣᠯᠤᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ︵ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︶᠃ ᠬᠢᠲᠠᠳ ᠡᠮ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠭᠦᠯᠬᠦ ᠶᠢ ᠠᠬᠢᠭᠤᠯᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ ᠳᠠᠪᠠᠭᠤᠯᠢᠭ ᠠᠵᠤ ᠦᠢᠯᠡᠰ᠂ | ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ | ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠳᠣᠲᠣᠭᠠᠳᠤ ᠳᠠᠭᠠᠨ | ᠬᠤᠯᠪᠣᠭᠠᠯᠠᠵᠤ ᠭᠠᠳᠠᠭᠰᠢ ᠨᠡᠪᠲᠡᠷᠡᠭᠦᠯᠬᠦ᠂ ᠬᠤᠲᠠ ᠬᠥᠳᠡᠭᠡ ᠳᠤ ᠨᠡᠪᠲᠡᠷᠡᠭᠦᠯᠬᠦ ᠣᠳᠣ ᠦ᠊ ᠡᠶ᠎ᠡ ᠶᠢᠨ ᠪᠠᠷᠠᠭ᠎ᠠ ᠶᠢᠨ | ᠭᠦᠢᠯᠭᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ᠂ | ᠲᠦᠷᠭᠡᠨ ᠬᠦᠷᠭᠡᠬᠦ ᠪᠠᠷᠠᠭ᠎ᠠ ᠶᠢᠨ ᠭᠦᠢᠯᠭᠡᠭᠡᠨ᠂ ᠣᠨᠴᠠᠯᠢᠭᠲᠤ ᠪᠠᠷᠠᠭ᠎ᠠ ᠶᠢᠨ ᠭᠦᠢᠯᠭᠡᠭᠡᠨ ᠵᠡᠷᠭᠡ ᠣᠯᠠᠨ ᠵᠦᠢᠯ ᠤᠨ | ᠡᠵᠡᠩᠨᠡᠯᠲᠡ ᠶᠢᠨ ᠪᠠᠶᠢᠳᠠᠯ ᠲᠥᠯᠥᠪ ᠢ ᠢᠳᠡᠪᠬᠢᠲᠡᠶ ᠬᠥᠭᠵᠢᠭᠦᠯᠦᠨ᠎ᠡ ︵ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶᠃ ᠤᠯᠠᠭᠠᠨᠴᠠᠪ ᠬᠤᠲᠠ ᠶᠢᠨ | ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠰᠠᠭᠤᠷᠢ ᠪᠡᠯᠡᠳᠬᠡᠮᠵᠢ ᠵᠢᠴᠢ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠳᠠᠪᠠᠭᠤᠯᠢᠭ ᠢ ᠪᠠᠳᠠᠷᠠᠭᠤᠯᠵᠤ᠂ ᠬᠦᠢᠰᠦ ᠪᠠᠷ ᠲᠤᠯᠭᠠᠭᠤᠷᠢᠯᠠᠯ | ᠪᠣᠯᠭᠠᠭᠰᠠᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠠᠬᠢᠭᠤᠯᠤᠨ ᠲᠡᠭᠦᠯᠳᠡᠷᠵᠢᠭᠦᠯᠦᠨ᠎ᠡ ︵ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠵᠠᠩᠭᠢᠯᠠᠭ᠎ᠠ ᠶᠢᠨ ᠴᠡᠭ ᠤᠨ ᠪᠠᠶᠢᠷᠢᠰᠢᠭᠤᠯᠤᠯᠲᠠ᠂ ᠦᠢᠯᠡᠴᠢᠯᠡᠭᠡᠨ ᠤ | ᠲᠣᠤᠷ ᠰᠦᠯᠵᠢᠶ᠎ᠡ ᠪᠠ ᠲᠤᠯᠭᠠᠭᠤᠷᠢᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢ ᠲᠦᠷᠭᠡᠳᠬᠡᠨ ᠠᠬᠢᠭᠤᠯᠵᠤ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠡᠭᠦᠯᠴᠢ ᠶᠢᠨ ᠬᠡᠰᠡᠭ ᠤᠨ ᠬᠦᠢᠲᠡᠨ ᠬᠡᠯᠬᠢᠶᠡᠲᠦ | ᠪᠡᠯᠡᠳᠬᠡᠮᠵᠢ ᠶᠢᠨ ᠬᠡᠷᠡᠭᠯᠡᠯᠲᠡ ᠪᠠ ᠥᠭᠡᠷᠡᠴᠢᠯᠡᠨ ᠳᠡᠭᠡᠭᠰᠢᠯᠡᠭᠦᠯᠬᠦ ᠶᠢ ᠳᠡᠮᠵᠢᠨ᠎ᠡ ︵ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶᠃ ᠵᠢᠭᠤᠯᠴᠢᠯᠠᠯ ᠤᠨ | ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠴᠢᠨᠠᠷ | ᠰᠠᠶᠢᠲᠠᠶ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ 2A ᠲᠠᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠢ ᠴᠢᠷᠮᠠᠶᠢᠨ ᠪᠣᠶ ᠪᠣᠯᠭᠠᠵᠤ᠂ ᠢᠦᠢ ᠮᠢᠨ ᠪᠠᠭᠤᠷᠢ ᠶᠢᠨ ᠰᠦᠷᠦᠭᠵᠢᠯ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠤᠨ᠂ ᠤᠯᠤᠰ ᠤᠨ ᠲᠠᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢ | ᠭᠤᠶᠤᠴᠢᠯᠠᠨ ᠮᠡᠳᠡᠭᠦᠯᠬᠦ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠡᠷᠲᠡᠬᠡᠨ | ᠭᠤᠶᠤᠴᠢᠯᠠᠨ ᠮᠡᠳᠡᠭᠦᠯᠵᠦ ᠠᠮᠵᠢᠯᠲᠠ ᠤᠯᠬᠤ ᠪᠠᠷ ᠴᠢᠷᠮᠠᠶᠢᠨ᠎ᠠ᠃ | ᠡᠬᠢ ᠪᠠᠶᠠᠯᠢᠭ ᠤᠨ ᠬᠡᠯᠪᠡᠷᠢ ᠪᠦᠬᠦᠢ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢᠨ ᠵᠢᠱᠢᠶ᠎ᠡ | ᠦᠵᠡᠭᠦᠯᠬᠦ ᠲᠣᠭᠤᠷᠢᠭ ᠢ ᠪᠦᠲᠦᠭᠡᠨ ᠪᠠᠶᠢᠭᠤᠯᠬᠤ ᠳᠤ ᠬᠦᠴᠦ ᠲᠠᠯᠪᠢᠨ᠎ᠠ᠃ ᠪᠤᠬᠢᠷᠳᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢᠨ ᠨᠦᠬᠦᠴᠡᠯ ᠳᠤ ᠨᠡᠶᠢᠴᠡᠭᠰᠡᠨ ᠠᠭᠤᠷᠬᠠᠢ ᠶᠢ ᠦᠪᠡᠷᠲᠡᠭᠡᠨ ᠵᠠᠰᠠᠬᠤ ᠣᠷᠣᠨ ᠤ | ᠪᠤᠬᠢᠷᠳᠤᠯ ᠦᠭᠡᠢ ᠠᠭᠤᠷᠬᠠᠢ ᠶᠢᠨ ᠨᠡᠷᠡᠰ ᠲᠤ ᠣᠷᠤᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ | ᠠᠭᠤᠷᠬᠠᠶ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ | ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠰᠬᠠᠶ | ᠵᠠᠰᠠᠯᠲᠠ ᠶᠢᠨ ᠪᠠᠯᠠ ᠮᠥᠩᠭᠦ ᠶᠢ ᠢᠳᠡᠪᠬᠢᠲᠡᠶ ᠴᠢᠷᠮᠠᠶᠢᠨ ᠣᠯᠵᠤ᠂ ᠪᠥᠬᠦ ᠰᠢᠶᠠᠨ ᠤ ᠲᠡᠤᠬᠡᠨ ᠠᠴᠠ ᠦᠯᠡᠳᠡᠭᠳᠡᠵᠦ | ᠢᠷᠡᠭᠰᠡᠨ ᠬᠠᠶᠠᠭᠳᠠᠮᠠᠯ ᠠᠭᠤᠷᠬᠠᠶ ᠶᠢ ᠵᠠᠰᠠᠬᠤ ︵ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ ᠶᠢ ᠠᠬᠢᠭᠤᠯᠤᠨ᠎ᠠ | ᠃ ᠲᠣᠰᠬᠤᠨ ᠤ ᠬᠠᠮᠲᠤ ᠨᠡᠶᠢᠲᠡ ᠳᠤ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢ ᠬᠡᠷᠡᠭᠯᠡᠬᠦ ᠶᠢ ᠢᠳᠡᠪᠬᠢᠲᠡᠶ ᠪᠠᠷ | ᠬᠠᠶᠢᠨ ᠰᠦᠪᠡᠭᠴᠢᠯᠡᠵᠦ᠂ ᠠᠭᠤᠷᠬᠠᠶ ᠶᠢᠨ ᠣᠷᠣᠨ ᠤ ᠭᠠᠵᠠᠷ ᠰᠢᠷᠣᠶ ᠶᠢ ᠠᠰᠢᠭᠯᠠᠨ ᠣᠳᠣᠬᠢᠴᠢᠯᠠᠭᠰᠠᠨ | ᠲᠠᠷᠢᠶᠠᠯᠠᠩ ᠤᠨ ᠪᠡᠯᠡᠳᠬᠡᠮᠵᠢ ᠶᠢ ᠬᠠᠮᠲᠤᠪᠠᠷ ᠪᠠᠶᠢᠭᠤᠯᠬᠤ ᠪᠠ ᠰᠢᠨ᠎ᠡ ᠡᠨᠧᠷᠭᠢ ᠶᠢ ᠬᠥᠭᠵᠢᠭᠦᠯᠬᠦ ︵ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ︶᠃ ᠰᠢᠨ᠎ᠡ ᠡᠨᠧᠷᠭᠢ ᠶᠢᠨ | ᠲᠥᠷᠥᠯ ᠵᠦᠢᠯ ᠤᠨ ᠭᠠᠵᠠᠷ ᠰᠣᠩᠭᠤᠬᠤ ᠪᠠ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠤᠷᠢᠳᠴᠢᠯᠠᠨ | ᠲᠥᠯᠥᠪᠯᠡᠵᠦ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠥᠬᠦ | ᠬᠦᠴᠦᠨ ᠢᠶᠠᠷ ᠢᠶᠠᠨ ᠪᠠᠲᠤᠯᠠᠨ᠎ᠠ ︵ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︶᠃ | ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠬᠦ ᠲᠠᠯ᠎ᠠ ᠪᠠᠷ᠃ ᠬᠤᠸᠠᠳᠧ ᠰᠢᠶᠠᠨ ᠤ 25.48 | ᠰᠠᠶ᠎ᠠ ᠸᠠᠲ ᠭᠡᠷᠡᠯ ᠴᠡᠨᠡᠭ ᠤᠨ ᠬᠠᠪᠰᠤᠷᠤᠨ ᠲᠡᠳᠬᠦᠬᠦ ᠢᠨᠵᠧᠨᠧᠷᠢᠩ ᠤᠨ ᠲᠦᠷᠦᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠲᠢᠶᠠᠨ ᠴᠧᠩ᠂ ᠢ ᠯᠢ 8 ᠰᠠᠶ᠎ᠠ ᠸᠠᠲ ᠲᠠᠷᠬᠠᠢ | ᠮᠠᠶ᠋ᠢᠭ ᠤᠨ ᠭᠡᠷᠡᠯ ᠴᠡᠨᠡᠭ ᠤᠨ ᠪᠣᠬᠢᠷᠳᠤᠯ ᠦᠭᠡᠢ ᠴᠠᠬᠢᠯᠭᠠᠨ ᠢ ᠰᠢᠭᠤᠳ ᠬᠠᠩᠭᠠᠬᠤ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠠᠩᠱᠦ᠋ᠨ ᠪᠠᠯᠭᠠᠰᠤᠨ ᠤ 5 ᠲᠦᠮᠡᠨ ᠺᠢᠯᠣᠸᠠᠲ ᠤᠨ | ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ ᠪᠠᠶᠢᠭᠤᠯᠵᠤ ᠳᠠᠭᠤᠰᠬᠠᠨ ᠲᠣᠣᠷ ᠲᠤ | ᠨᠡᠶᠢᠯᠡᠭᠦᠯᠦᠨ ᠴᠠᠬᠢᠯᠭᠠᠨ ᠭᠠᠷᠭᠠᠬᠤ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ︶᠃ ᠭᠤᠷᠪᠠᠨ ᠬᠠᠪᠴᠢᠯ ᠤᠨ ᠡᠬᠢ ᠰᠤᠷᠪᠤᠯᠵᠢ ᠶᠢᠨ ᠴᠠᠬᠢᠯᠭᠠᠨ ᠲᠣᠣᠷ ᠤᠨ | ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠤᠭᠰᠠᠨ ᠪᠣᠬᠢᠷᠳᠤᠯ ᠦᠭᠡᠢ ᠴᠠᠬᠢᠯᠭᠠᠨ ᠤ ᠵᠢᠱᠢᠶ᠎ᠡ ᠦᠵᠡᠭᠦᠯᠬᠦ | ᠲᠥᠷᠥᠯ ᠵᠦᠢᠯ᠂ ᠭᠤᠷᠪᠠᠨ ᠬᠠᠪᠴᠢᠯ ᠤᠨ ᠶᠡᠭᠡ ᠬᠡᠪᠴᠢᠶ᠎ᠡ ᠪᠠᠷ ᠠᠭᠠᠷ ᠤᠨ ᠡᠨᠧᠷᠭᠢ ᠬᠠᠳᠠᠭᠠᠯᠠᠬᠤ ᠲᠥᠷᠥᠯ | ᠵᠦᠢᠯ ᠢ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠨᠢᠭᠡ | ᠪᠦᠯᠦᠭ ᠰᠠᠯᠬᠢ ᠭᠡᠷᠡᠯ ᠴᠠᠬᠢᠯᠭᠠᠨ ᠡᠨᠧᠷᠭᠢ ᠬᠠᠳᠠᠭᠠᠯᠠᠬᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ | ᠦᠶ᠋ᠯᠡᠳᠬᠦ ᠵᠡᠷᠭᠡ ᠲᠥᠷᠥᠯ ᠵᠦᠶ᠋ᠯ ᠢ ᠲᠦᠷᠭᠡᠳᠬᠡᠨ ᠣᠷᠣᠭᠤᠯᠤᠨ ᠠᠪᠴᠢᠷᠠᠵᠤ᠂ ᠰᠢᠨ᠎ᠡ ᠡᠨᠧᠷᠭᠢ ᠶᠢᠨ ᠪᠥᠬᠦ ᠠᠵᠤ | ᠦᠶ᠋ᠯᠡᠰ ᠤᠨ ᠬᠡᠯᠬᠢᠶ᠎ᠡ ᠳᠠᠰᠢ ᠢᠵᠢ ᠪᠥᠷᠢᠳᠦᠭᠦᠯᠦᠨ ᠬᠠᠩᠭᠠᠬᠤ ᠴᠢᠭᠯᠡᠯ ᠢᠶᠠᠷ ᠬᠥᠭᠵᠢᠭᠦᠯᠬᠦ ᠪᠠᠷ ᠴᠢᠷᠮᠠᠶᠢᠨ᠎ᠠ ︵ | ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ︶᠃ | | ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ | ᠲᠠᠯ᠎ᠠ ᠪᠠᠷ᠃ ᠠᠯᠠᠰᠢᠨ ᠬᠤᠨᠢᠨ ᠤ ᠠᠵᠤ ᠦᠢᠯᠡᠰ ᠤᠨ ︽ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠲᠡᠵᠢᠭᠡᠬᠦ ᠶᠢᠨ | ᠲᠥᠯᠥᠭᠡ ᠳᠠᠷᠢᠬᠤ᠂ ᠬᠠᠰᠢᠶᠠᠯᠠᠨ ᠲᠡᠵᠢᠭᠡᠵᠦ ᠨᠠᠷᠢᠯᠢᠭ ᠲᠡᠵᠢᠭᠡᠬᠦ᠂ ᠳᠠᠭᠠᠭᠤᠯᠤᠭᠴᠢ ᠪᠠᠷ ᠳᠠᠶᠢᠴᠢᠯᠠᠬᠤ︾ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠠᠯᠠᠰᠢᠨ ᠬᠤᠨᠢᠨ ᠤ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ | ᠠᠬᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠪᠣᠬᠢᠷᠲᠤᠯ | ᠥᠬᠡᠶ ᠣᠷᠭᠠᠨᠢᠭ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠰᠠᠶᠢᠲᠤᠷ ᠠᠳᠬᠤᠵᠤ᠂ ᠬᠤᠸᠠᠳᠧ ᠠᠯᠠᠰᠢᠨ | ᠬᠤᠨᠢ᠂ ᠬᠤᠸᠠᠳᠧ ᠰᠢᠶᠠᠨ ᠨᠣᠬᠠᠶ ᠶᠢᠨ ᠬᠤᠰᠢᠭᠤ ᠵᠡᠷᠭᠡ ᠳᠠᠪᠠᠭᠤᠯᠢᠭ ᠤᠨᠴᠠᠯᠢᠭᠳᠤ ᠠᠵᠤ ᠦᠢᠯᠡᠰ ᠤᠨ | ᠬᠥᠭᠵᠢᠯᠲᠡ ᠶᠢ ᠭᠤᠤᠯᠳᠠᠯᠭ᠎ᠠ ᠲᠠᠢ ᠪᠤᠶᠢᠵᠢᠭᠤᠯᠬᠤ ᠬᠡᠷᠡᠭᠲᠡᠢ᠃ ᠣᠳᠣ ᠦ᠊ ᠡᠶ᠎ᠡ ᠶᠢᠨ ᠦᠷ᠎ᠡ ᠶᠢᠨ ᠦᠢᠯᠡᠰ ᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ | ᠠᠰᠢᠭᠯᠠᠬᠤ ᠶᠢ ᠴᠢᠩᠭᠠᠳᠬᠠᠨ᠂ ᠣᠳᠣᠬᠢᠴᠢᠯᠠᠭᠰᠠᠨ ᠲᠠᠷᠢᠮᠠᠯ ᠤᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠪᠣᠯᠤᠨ | ᠮᠠᠯ ᠵᠢᠭᠦᠷᠲᠡᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ | ᠰᠠᠶᠢᠨ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ ︽ᠤᠰᠤ ᠪᠠᠷ ᠲᠦᠷᠪᠡ ᠶᠢ ᠲᠣᠭᠲᠠᠭᠠᠬᠤ︾ | ᠵᠠᠷᠴᠢᠮ ᠢ ᠪᠠᠷᠢᠮᠲᠠᠯᠠᠵᠤ᠂ ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ | ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠡᠯ᠎ᠡ ᠬᠦᠷᠢᠶᠡᠨ ᠤ ᠤᠰᠤ ᠬᠡᠷᠡᠭᠯᠡᠬᠦ ᠪᠦᠲᠦᠴᠡ ᠶᠢ | ᠰᠢᠯᠢᠳᠡᠭᠵᠢᠭᠦᠯᠵᠦ᠂ ᠵᠦᠢ ᠵᠤᠬᠢᠰ ᠦᠭᠡᠢ ᠤᠰᠤ ᠬᠡᠷᠡᠭᠯᠡᠬᠦ ᠬᠡᠷᠡᠭᠴᠡᠭᠡ ᠶᠢ ᠡᠷᠡᠰ ᠬᠤᠷᠢᠭᠯᠠᠵᠤ᠂ ᠢᠯᠠᠩᠭᠤᠶ᠎ᠠ | ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠭᠡᠯ ︵ | ᠤᠰᠤᠨ ᠠᠰᠢᠭᠯᠠᠯᠲᠠ ᠶᠢᠨ ᠲᠣᠪᠴᠢᠶ᠎ᠠ︶ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠵᠦ ᠲᠠᠰ ᠳᠡᠪᠰᠢᠭᠦᠯᠬᠦ ᠲᠠᠯ᠎ᠠ ᠪᠠᠷ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ | ᠴᠢᠩᠭᠠᠷᠠᠭᠤᠯᠵᠤ᠂ ᠨᠢᠭᠡ ᠪᠦᠯᠦᠭ ᠨᠡᠮᠡᠯᠲᠡ ᠥᠷᠲᠡᠭ ᠢᠶᠠᠷ ᠥᠨᠳᠥᠷ᠂ ᠳᠠᠶᠢᠴᠢᠯᠠᠬᠤ ᠬᠦᠴᠦᠨ ᠢᠶᠠᠷ ᠴᠢᠩᠭ᠎ᠠ᠂ | ᠪᠤᠶᠢᠵᠢᠯᠲᠠ ᠶᠢᠨ ᠴᠢᠨᠠᠷ ᠢᠶᠠᠷ ᠰᠠᠶᠢᠨ ᠯᠦᠩ ᠲᠸᠦ ᠬᠡᠯᠪᠡᠷᠢ ᠶᠢᠨ ᠠᠵᠤ ᠦᠢᠯᠡᠰ ᠤᠨ ᠲᠥᠷᠥᠯ ᠵᠦᠢᠯ ᠢ | ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠥᠭᠵᠢᠯᠲᠡ ᠶᠢᠨ ︽ᠳᠥᠷᠪᠡᠨ ᠨᠢᠷᠤᠭᠤ ᠨᠠᠢᠮᠠᠨ ᠲᠤᠯᠭᠠᠭᠤᠷᠢ︾ | ︵ᠪᠠᠯᠠ ᠣᠷᠣᠭᠤᠯᠤᠯᠲᠠ ᠶᠢ ᠠᠬᠢᠭᠤᠯᠬᠤ ᠲᠥᠪ︶ ᠢ ᠪᠣᠶ ᠪᠣᠯᠭᠠᠨ᠎ᠠ᠃ ᠤᠯᠠᠭᠠᠨᠴᠠᠪ ᠬᠤᠲᠠ ᠳᠤᠮᠳᠠᠳᠤ ᠤᠯᠤᠰ ︵ | ᠥᠪᠥᠷ ᠮᠣᠩᠭᠤᠯ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠣᠷᠣᠭᠤᠯᠬᠤ ᠪᠠᠷ ᠴᠢᠷᠮᠠᠶᠢᠬᠤ | ᠡᠨᠡ ᠬᠦ ᠡᠷᠬᠢᠮ ᠨᠠᠨᠳᠢᠨ ᠠᠵᠠ ᠲᠣᠬᠢᠶᠠᠯ ᠲᠠᠢ ᠨᠢᠭᠲᠠ ᠤᠶᠠᠯᠳᠤᠭᠤᠯᠤᠨ᠂ ᠼᠤᠤ ᠹᠸᠢ ᠳ᠋ᠢᠶᠠᠨ ᠭᠠᠷᠠᠮ ᠤᠨ | ᠳᠣᠲᠣᠭᠠᠳᠤ ᠬᠠᠭᠤᠷᠠᠶ ᠶᠢᠨ ᠭᠠᠷᠠᠮ ᠤᠨ ᠭᠠᠶᠢᠯᠢ ᠪᠠᠲᠤᠯᠠᠬᠤ ᠬᠥᠮᠥᠷᠭᠡ᠂ ᠮᠥᠩᠭᠦᠨ ᠭᠦᠢᠯᠭᠡᠭᠡᠨ ᠤ ᠬᠢᠨᠠᠨ | ᠬᠠᠮᠢᠶᠠᠷᠬᠤ ᠬᠥᠮᠥᠷᠭᠡ᠂ ᠬᠤᠭᠤᠴᠠᠭᠠᠲᠤ ᠪᠠᠷᠠᠭ᠎ᠠ ᠲᠤᠰᠢᠶᠠᠨ ᠥᠭᠬᠦ ᠬᠥᠮᠥᠷᠭᠡ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠷᠢᠶᠡᠨ ᠬᠤᠲᠠ ᠶᠢᠨ ᠶᠡᠭᠡ ᠬᠡᠮᠵᠢᠶᠡᠨ ᠤ ᠪᠠᠷᠠᠭ᠎ᠠ ᠶᠢ | ᠬᠤᠸᠠᠳᠧ ᠶᠢᠨ ᠵᠠᠰᠠᠮᠠᠯ ᠵᠠᠮ ᠢᠶᠠᠷ ᠳᠠᠮᠵᠢᠭᠤᠯᠤᠨ ᠪᠡᠭᠡᠵᠢᠩ ᠲᠢᠶᠠᠨᠵᠢᠨ ᠾᠧᠪᠧᠢ ︵ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︶ ᠳᠤ ᠲᠡᠳᠡᠨ ᠠᠪᠴᠢᠷᠠᠪᠠ᠃ ᠪᠣᠬᠢᠷᠲᠤᠯ ᠥᠬᠡᠶ ᠵᠠᠮ ᠬᠠᠷᠢᠯᠴᠠᠭᠠᠨ ᠤ ᠲᠣᠤᠷ | ᠰᠦᠯᠵᠢᠶ᠎ᠡ ᠶᠢ ᠪᠥᠬᠦ ᠬᠦᠴᠦᠨ ᠢᠶᠠᠷ ᠢᠶᠠᠨ ᠬᠥᠭᠵᠢᠭᠦᠯᠵᠦ᠂ ᠬᠤᠸᠠᠳᠧ ᠰᠢᠶᠠᠨ ᠤ ᠪᠠᠷᠠᠭᠠᠨ ᠤ ᠲᠡᠭᠡᠭᠡᠪᠦᠷᠢ ᠶᠢᠨ | ᠲᠠᠪᠴᠠᠩ᠂ ᠠᠷᠠᠯᠵᠢᠶᠠᠨ ᠤ ᠲᠥᠪ ᠵᠢᠴᠢ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠠᠯᠬᠤᠮ ᠠᠯᠬᠤᠮ ᠢᠶᠠᠷ | ᠪᠠᠶᠢᠭᠤᠯᠤᠨ᠎ᠠ᠃ ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠭᠤᠯᠤᠯᠲᠠ ᠶᠢᠨ ᠲᠣᠪᠴᠢᠶ᠎ᠠ︶᠃ | ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠲᠠᠯ᠎ᠠ ᠪᠠᠷ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ | ᠨᠢᠭᠡ ᠪᠦᠯᠦᠭ ᠨᠠᠮ ᠢ ᠮᠠᠭᠲᠠᠨ ᠳᠠᠭᠤᠯᠠᠬᠤ᠂ ᠡᠬᠡ ᠤᠯᠤᠰ ᠢᠶᠠᠨ ᠮᠠᠭᠲᠠᠨ ᠳᠠᠭᠤᠯᠠᠬᠤ᠂ ᠠᠷᠠᠳ ᠲᠦᠮᠡᠨ ᠢ ᠮᠠᠭᠲᠠᠨ | ᠳᠠᠭᠤᠯᠠᠬᠤ᠂ ᠪᠠᠭᠠᠲᠤᠷᠴᠤᠳ ᠢ ᠮᠠᠭᠲᠠᠨ ᠳᠠᠭᠤᠯᠠᠬᠤ ᠤᠳᠬ᠎ᠠ ᠤᠷᠠᠯᠢᠭ ᠤᠨ ᠬᠦᠴᠦᠨ ᠢ ᠲᠥᠪᠯᠡᠷᠡᠭᠦᠯᠦᠨ | ᠭᠠᠷᠭᠠᠵᠤ᠂ ᠲᠦᠷᠦᠯ ᠲᠡᠮᠳᠡᠭ ᠵᠢᠷᠤᠵᠤ ᠲᠥᠯᠥᠪᠯᠡᠬᠦ ᠶᠢ ᠰᠠᠶᠢᠲᠤᠷ ᠠᠳᠬᠤᠬᠤ᠂ ᠲᠦᠷᠦᠯ ᠲᠡᠮᠳᠡᠭ ᠤᠨ | ᠠᠭᠤᠯᠤᠭᠳᠠᠬᠤᠨ ᠢ ᠠᠭᠤᠳᠠᠯᠬᠤ᠂ ᠲᠦᠷᠦᠯ ᠲᠡᠮᠳᠡᠭ ᠤᠨ ᠰᠢᠰᠲ᠋ᠧᠮ ᠢ ᠪᠠᠶᠢᠭᠤᠯᠬᠤ᠂ ᠲᠦᠷᠦᠯ ᠲᠡᠮᠳᠡᠭ ᠤᠨ | ᠣᠨᠴᠠᠯᠢᠭ ᠢ ᠪᠤᠶᠢᠵᠢᠭᠤᠯᠬᠤ ᠵᠡᠷᠭᠡ ᠲᠠᠯ᠎ᠠ ᠪᠠᠷ ᠬᠦᠴᠦᠯᠡᠵᠦ᠂ ︽ᠠᠷᠪᠠᠨ ᠲᠠᠪᠤᠨ ᠤ ᠰᠠᠷ᠎ᠠ︾ ᠶᠢᠨ ᠤᠤᠭᠠᠯ | ᠡᠭᠦᠳᠦᠯᠲᠡ ᠶᠢᠨ ᠭᠠᠵᠠᠷ᠂ ᠢᠦᠢ ᠮᠢᠨ ᠰᠣᠶᠣᠯ ᠬᠤᠶᠠᠷ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ | ᠲᠡᠮᠳᠡᠭ ᠢ ᠡᠭᠦᠳᠬᠦ ᠪᠠᠷ ᠳᠠᠮᠵᠢᠭᠤᠯᠵᠤ᠂ ᠮᠠᠨ ᠤ ᠰᠢᠶᠠᠨ ᠤ ᠠᠯᠳᠠᠷᠰᠢᠯ ᠪᠣᠯᠤᠨ ᠲᠠᠲᠠᠬᠤ ᠬᠦᠴᠦᠨ ᠢ ᠤᠯᠠᠮ | ᠴᠢᠨᠠᠭᠰᠢᠳᠠ ᠳᠡᠭᠡᠭᠰᠢᠯᠡᠭᠦᠯᠵᠦ᠂ ︽ᠰᠣᠶᠣᠯ ᠢᠶᠠᠷ ᠵᠤᠭᠠᠴᠠᠯ ᠢ ᠠᠬᠢᠭᠤᠯᠬᠤ᠂ ᠰᠣᠶᠣᠯ ᠵᠤᠭᠠᠴᠠᠯ ᠤᠨ | ᠠᠭᠤᠰᠤᠯᠴᠠᠯ ᠢ ᠠᠬᠢᠭᠤᠯᠬᠤ︾ ᠠᠵᠢᠯ ᠢ ᠰᠠᠶᠢᠲᠤᠷ ᠬᠢᠬᠦ ᠬᠡᠷᠡᠭᠲᠡᠢ᠃ ︵ᠰᠢᠶᠠᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ ᠤᠨ ᠲᠣᠪᠴᠢᠶ᠎ᠠ︶᠃ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ | ᠪᠦᠬᠦ ᠬᠦᠴᠦᠨ ᠢᠶᠠᠷ ᠢᠶᠠᠨ ᠮᠡᠳᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠠᠮᠢᠶ᠎ᠠ ᠪᠦᠬᠦᠢ ᠰᠡᠳᠦᠪ ᠤᠨ ᠰᠤᠳᠤᠯᠭᠠᠨ ᠢ ᠥᠷᠨᠢᠭᠦᠯᠵᠦ᠂ | ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠯ | ᠲᠣᠭᠲᠠᠴᠠ ︵ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ︶ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠎ᠡ᠃ ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠨᠳᠦᠰᠦᠨ | ᠦᠢᠯᠡᠴᠢᠯᠡᠭᠡ ᠶᠢ ᠳᠡᠭᠡᠭᠰᠢᠯᠡᠭᠦᠯᠬᠦ ᠲᠥᠷᠥᠯ ᠵᠦᠢᠯ ᠢ ᠴᠢᠷᠮᠠᠶᠢᠨ ᠣᠯᠵᠤ᠂ ᠬᠡᠯᠬᠢᠶᠡᠵᠢᠭᠰᠡᠨ᠂ ᠪᠠᠷᠢᠮᠵᠢᠶᠠᠵᠢᠭᠰᠠᠨ | ᠨᠡᠶᠢᠭᠡᠮ ᠲᠣᠭᠤᠷᠢᠭ ᠤᠨ ᠭᠡᠷ ᠪᠦᠯᠢ ᠶᠢᠨ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠤᠷ | ᠰᠦᠯᠵᠢᠶ᠎ᠡ ᠶᠢ ᠪᠠᠶᠢᠭᠤᠯᠵᠤ᠂ ︽ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠥᠷᠲᠡᠭᠡ︾ ᠶᠢᠨ ᠨᠠᠰᠤᠵᠢᠯ ᠤᠨ | ᠠᠰᠠᠷᠠᠮᠵᠢ ᠶᠢᠨ ᠵᠠᠭᠪᠤᠷ ᠢ ᠬᠡᠷᠡᠭᠵᠢᠭᠦᠯᠦᠨ᠎ᠡ᠃ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ | ᠥᠷᠭᠡᠳᠬᠡᠨ ᠪᠠᠶᠢᠭᠤᠯᠬᠤ ᠪᠠᠷ ᠴᠢᠷᠮᠠᠶᠢᠵᠤ᠂ ᠴᠢᠳᠠᠪᠤᠷᠢ ᠪᠠᠨ ᠠᠯᠳᠠᠵᠤ ᠬᠠᠷᠠᠭᠠᠯᠵᠠᠨ ᠠᠰᠠᠷᠠᠬᠤ ᠴᠢᠳᠠᠪᠤᠷᠢ ᠪᠠ ᠭᠠᠯ | ᠤᠨᠲᠠᠷᠠᠭᠠᠬᠤ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ︵ᠠᠷᠠᠳ ᠤᠨ ᠶᠠᠪᠤᠳᠠᠯ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ | ᠠᠩᠭᠢ᠂ ᠡᠯ᠎ᠡ ᠰᠢᠶᠠᠩ ᠪᠠᠯᠭᠠᠰᠤ︶᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠢᠶᠠᠨ ᠤ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠭᠤᠤᠯᠳᠠᠯᠭ᠎ᠠ ᠲᠠᠢ ᠤᠨᠴᠠᠯᠢᠬᠳᠤ ᠰᠠᠯᠠᠭ᠎ᠠ ᠲᠠᠰᠤᠭ ᠢ ᠪᠠᠶᠢᠭᠤᠯᠤᠨ᠂ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ ᠶᠢ ᠠᠬᠢᠭᠤᠯᠤᠨ᠎ᠠ᠃ | ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ | ᠢᠨᠵᠧᠨᠧᠷᠢᠩ ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶ ᠢ ᠦᠷᠭᠦᠯᠵᠢᠯᠡᠨ ᠠᠬᠢᠭᠤᠯᠤᠨ᠎ᠠ᠃ ᠥᠪᠥᠷ | ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠳᠠᠳᠤᠯᠭ᠎ᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠣᠯᠤᠨ ᠪᠣᠯᠪᠠᠰᠤᠷᠠᠭᠤᠯᠤᠯ ᠤᠨ ᠰᠤᠷᠭᠠᠭᠤᠯᠢ ᠶᠢᠨ ᠪᠦᠲᠦᠭᠡᠨ | ᠪᠠᠶᠢᠭᠤᠯᠤᠯᠲᠠ ᠶᠢᠨ ᠠᠬᠢᠴᠠ ᠪᠣᠯᠤᠨ ᠠᠰᠢᠭᠯᠠᠬᠤ ᠬᠡᠮᠵᠢᠶ᠎ᠡ ᠶᠢ ᠲᠦᠷᠭᠡᠳᠬᠡᠬᠦ ᠬᠡᠷᠡᠭᠲᠡᠶ ︵ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ︶ ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢ ᠦᠷᠭᠦᠯᠵᠢᠯᠡᠨ | ᠠᠬᠢᠭᠤᠯᠵᠤ᠂ ᠬᠦᠨᠳᠦ ᠣᠨᠴᠠ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ | ᠬᠤᠷᠢᠭᠯᠠᠨ᠎ᠠ ︵ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ︶᠃ | ᠭᠤᠤᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ︽ᠰᠢᠤᠸᠠᠢ ᠯᠢᠶᠠᠩ | ᠢᠨᠵᠧᠨᠧᠷᠢᠩ︾ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ ︵ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶᠃ | 2. ᠠᠵᠢᠯ ᠲᠥᠷᠥᠯ ᠤᠨ ᠲᠢᠩᠬᠢᠮ ᠲᠣᠪᠴᠢᠶ᠎ᠠ ᠯᠤᠭ᠎ᠠ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ | ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠪᠠ ᠭᠤᠤᠯᠳᠠᠯᠭ᠎ᠠ ᠲᠠᠢ ᠳᠡᠮᠵᠢᠬᠦ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ︽ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠪᠤᠶᠢᠵᠢᠭᠤᠯᠬᠤ︾ | ᠠᠵᠢᠯᠯᠠᠭ᠎ᠠ ᠪᠠ ︽ᠬᠤᠶᠠᠷ ᠢ ᠥᠨᠳᠥᠷ ᠬᠤᠶᠠᠷ ᠢ ᠰᠢᠯᠢᠳᠡᠭᠵᠢᠭᠦᠯᠬᠦ︾ ᠲᠥᠯᠥᠪᠯᠡᠭᠡ ᠶᠢ ᠬᠡᠷᠡᠭᠵᠢᠭᠦᠯᠵᠦ᠂ ︽ᠠᠵᠤ | ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠣᠷᠣᠬᠤ ᠲᠦᠷᠢᠮ︾ ᠤᠨ ᠬᠥᠮᠦᠵᠢᠯ ᠢ ᠥᠷᠨᠢᠭᠦᠯᠦᠨ᠎ᠡ᠃ ᠠᠵᠢᠯ | ᠮᠡᠷᠭᠡᠵᠢᠯ ᠤᠨ ᠳᠤᠮᠳᠠᠳᠤ ᠰᠤᠷᠭᠠᠭᠤᠯᠢ ᠥᠪᠥᠷ ᠮᠣᠩᠭᠤᠯ ᠤᠨ ᠮᠧᠩ ᠳ᠋ᠠ ᠲᠢᠲ᠋ᠠᠨ ᠦᠢᠯᠡᠰ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠵᠡᠷᠭᠡ ᠳᠥᠷᠪᠡᠨ ᠠᠵᠤ ᠠᠬᠤᠶᠢᠯᠠᠯ ᠲᠠᠢ ᠬᠠᠮᠲᠤᠷᠠᠯᠴᠠᠵᠤ᠂ ᠣᠲᠣ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠮᠠᠨ ᠤ ᠰᠢᠶᠠᠨ ᠤ | ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ︵ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ︶ ᠶᠢ ᠠᠬᠢᠭᠤᠯᠪᠠ᠃ ᠲᠥᠪ ᠪᠠ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ | ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠲᠤᠰᠬᠠᠶ ᠵᠦᠢᠯ ᠤᠨ ᠪᠡᠯᠡ ᠮᠥᠩᠭᠦ ᠶᠢ ᠤᠯᠬᠤ ᠪᠠᠷ ᠢᠳᠡᠪᠬᠢᠲᠡᠢ | ᠴᠢᠷᠮᠠᠶᠢᠬᠤ ᠶᠢᠨ ᠬᠠᠮᠲᠤ ᠨᠡᠶᠢᠭᠡᠮ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ ᠠᠭᠤᠷᠬᠠᠢ ᠶᠢᠨ ᠭᠠᠷᠤᠯᠲᠠ ᠶᠢᠨ | ᠬᠠᠶᠢᠨ ᠪᠠᠶᠢᠴᠠᠭᠠᠯᠲᠠ ᠳᠤ ᠣᠷᠣᠯᠴᠠᠭᠤᠯᠵᠤ᠂ ᠠᠭᠤᠷᠬᠠᠢ ᠶᠢᠨ ᠠᠵᠤ ᠠᠬᠤᠶᠢᠯᠠᠯ ᠤᠨ ᠬᠠᠶᠢᠨ ᠪᠠᠶᠢᠴᠠᠭᠠᠬᠤ ᠪᠡᠯᠡ | ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠭᠦᠨ ᠭᠠᠵᠠᠷ ᠲᠤ ᠠᠭᠤᠷᠬᠠᠢ | ᠡᠷᠢᠬᠦ ᠶᠢ ᠥᠷᠨᠢᠭᠦᠯᠵᠦ᠂ ᠭᠠᠷᠤᠯᠲᠠ ᠨᠡᠮᠡᠭᠳᠡᠭᠦᠯᠬᠦ ︵ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ ᠶᠢ | ᠪᠡᠶᠡᠯᠡᠭᠦᠯᠦᠨ᠎ᠡ᠃ | 3. ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠬᠦ ᠪᠠ ᠲᠠᠪᠴᠠᠩ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠪᠣᠯᠭᠠᠨ ᠬᠤᠪᠢᠷᠠᠭᠤᠯᠬᠤ ᠪᠠᠷ | ᠴᠢᠷᠮᠠᠶᠢᠨ᠎ᠠ᠃ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠲᠥᠷᠥᠯ ᠤᠨ ᠲᠥᠷᠥ ᠶᠢᠨ ᠪᠣᠳᠣᠯᠭ᠎ᠠ ᠳᠠᠬᠢ | ᠲᠠᠷᠢᠶᠠᠯᠠᠩ ᠤᠨ ᠲᠠᠷᠢᠮᠠᠯ᠂ ᠨᠡᠶᠢᠭᠡᠮ ᠠᠷᠠᠳ ᠤᠨ ᠠᠮᠢᠳᠤᠷᠠᠯ᠂ ᠲᠠᠸᠠᠷ ᠤᠨ ᠠᠷᠠᠯᠵᠢᠶ᠎ᠠ᠂ ᠮᠥᠩᠭᠦᠨ ᠭᠦᠢᠯᠭᠡᠭᠡ | ᠳᠠᠭᠠᠳᠬᠠᠯ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠬᠦᠷᠢᠶ᠎ᠡ ᠵᠡᠷᠭᠡ ᠲᠥᠷᠥ ᠶᠢᠨ ᠪᠣᠳᠣᠯᠭ᠎ᠠ ︵ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ ᠶᠢ ᠭᠦᠨᠵᠡᠭᠡᠶ ᠰᠤᠳᠤᠯᠪᠠ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠡᠯ᠎ᠡ ᠵᠦᠢᠯ ᠤᠨ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠲᠤᠰᠬᠠᠶ ᠵᠦᠢᠯ ᠤᠨ ᠪᠠᠶᠢᠴᠠᠭᠠᠯᠲᠠ᠂ ᠬᠥᠬᠡ ᠣᠭᠲᠠᠷᠭᠤᠶ ᠶᠢ | ᠲᠤᠰᠬᠠᠶ ᠴᠡᠭᠴᠡᠯᠡᠨ ᠵᠠᠰᠠᠬᠤ ᠵᠡᠷᠭᠡ ᠠᠵᠢᠯᠯᠠᠭ᠎ᠠ ᠶᠢ ᠪᠡᠶᠡᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠪᠥᠬᠦ ᠬᠡᠯᠬᠢᠶ᠎ᠡ ᠶᠢᠨ ᠬᠠᠮᠠᠭᠠᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ︵ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠃ | 4. ᠲᠥᠷᠥᠯ ᠵᠦᠢᠯ ᠢ ᠲᠥᠯᠥᠪᠵᠢᠭᠦᠯᠬᠦ ᠪᠠ ᠨᠥᠭᠡᠴᠡᠯᠡᠬᠦ ᠶᠢ ᠴᠢᠩᠭᠠᠳᠬᠠᠵᠤ᠂ ᠤᠯᠤᠰ᠂ ᠥᠪᠡᠷᠲᠡᠭᠡᠨ | ᠵᠠᠰᠠᠬᠤ ᠣᠷᠣᠨ ᠤ ᠶᠡᠭᠡ ᠲᠠᠯ᠎ᠠ ᠳᠤ ᠣᠷᠣᠭᠤᠯᠬᠤ ᠪᠠᠷ ᠴᠢᠷᠮᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠳᠤ ᠳᠤᠷᠠᠳᠤᠭᠰᠠᠨ ᠴᠢᠬᠤᠯᠠ ᠶᠡᠭᠡ | ᠢᠨᠵᠧᠨᠧᠷᠢᠩ ᠪᠠ ᠲᠥᠷᠥᠯ ᠵᠦᠢᠯ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠬᠠᠲᠠᠭᠤ | ᠱᠠᠭᠠᠷᠳᠠᠯᠭ᠎ᠠ ᠪᠠᠷ ᠢᠵᠢ ᠪᠥᠷᠢᠳᠦᠭᠦᠯᠬᠦ ᠲᠥᠷᠥᠯ ᠵᠦᠢᠯ ᠵᠡᠷᠭᠡ 8 ᠪᠠᠯᠠ ᠣᠷᠣᠭᠤᠯᠤᠯᠲᠠ ᠶᠢᠨ ᠳᠡᠮᠵᠢᠬᠦ ᠴᠢᠭᠯᠡᠯ ᠢ | ᠪᠥᠬᠦ ᠲᠠᠯ᠎ᠠ ᠪᠠᠷ ᠡᠮᠬᠢᠯᠡᠵᠦ᠂ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ | ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠤᠨ ᠳᠡᠮᠵᠢᠯᠭᠡ ᠶᠢ ᠪᠥᠬᠦ ᠬᠦᠴᠦᠨ ᠢᠶᠠᠷ ᠢᠶᠠᠨ ᠲᠡᠮᠡᠴᠡᠨ | ᠣᠯᠤᠨ᠎ᠠ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶᠃ ᠪᠥᠬᠦ ᠰᠢᠶᠠᠨ ᠤ ᠰᠦᠯᠵᠢᠶ᠎ᠡ ᠪᠠᠷ ᠪᠠᠷᠠᠭ᠎ᠠ | ᠲᠡᠭᠡᠭᠡᠪᠦᠷᠢᠯᠡᠬᠦ ᠠᠵᠤ ᠦᠢᠯᠡᠰ ᠤᠨ ᠨᠥᠯᠥᠭᠡᠯᠡᠬᠦ ᠬᠡᠪᠴᠢᠶ᠎ᠡ ᠶᠢ ᠥᠷᠭᠡᠳᠬᠡᠵᠦ᠂ ᠲᠣᠰ ᠭᠠᠵᠠᠷ ᠣᠷᠣᠨ ᠤ ᠬᠥᠲᠥᠴᠢ | ᠠᠵᠤ ᠠᠬᠤᠶᠢᠯᠠᠯ ᠢ ᠪᠤᠶᠢᠵᠢᠭᠤᠯᠤᠨ᠂ ᠮᠠᠨ ᠤ ᠰᠢᠶᠠᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ | ᠦᠢᠯᠡᠰ ᠤᠨ ᠬᠡᠪᠴᠢᠶᠡᠵᠢᠭᠰᠡᠨ᠂ ᠡᠷᠴᠢᠮᠵᠢᠭᠰᠡᠨ ᠡᠵᠡᠩᠨᠡᠯᠲᠡ ᠶᠢ ᠳᠥᠯᠭᠢᠨ ᠠᠬᠢᠭᠤᠯᠵᠤ᠂ ᠰᠦᠯᠵᠢᠶ᠎ᠡ ᠪᠠᠷ ᠪᠠᠷᠠᠭ᠎ᠠ | ᠲᠡᠭᠡᠭᠡᠪᠦᠷᠢᠯᠡᠬᠦ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ ︵ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶᠃ ᠨᠡᠭᠦᠷᠡᠰᠦᠨ ᠤ | ᠪᠤᠰᠤ ᠠᠭᠤᠷᠬᠠᠶ ᠶᠢᠨ ᠬᠦᠨᠳᠦ ᠶᠡᠭᠡ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ︵ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ︶ ᠶᠢ ᠢᠳᠡᠪᠬᠢᠲᠡᠶ ᠪᠠᠷ ᠥᠷᠨᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ | ᠲᠡᠳᠬᠦᠬᠦ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠣᠷᠣᠨ ᠪᠦᠰᠡ ᠶᠢᠨ | ᠬᠠᠮᠵᠢᠯᠴᠠᠭ᠎ᠠ ᠶᠢ ᠴᠢᠩᠭᠠᠳᠬᠠᠨ᠂ ᠴᠢᠳᠠᠪᠤᠷᠢᠲᠠᠨ ᠤ ᠪᠠᠯᠠ ᠮᠥᠩᠭᠦ ᠶᠢ ᠬᠤᠷᠠᠮᠳᠤᠭᠤᠯᠵᠤ᠂ 2024 ᠣᠨ ᠳᠤ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠯᠠ ᠮᠥᠩᠭᠦ ︵ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ︶ ᠶᠢ ᠪᠥᠬᠦ ᠬᠦᠴᠦᠨ ᠢᠶᠠᠷ ᠢᠶᠠᠨ ᠴᠢᠷᠮᠠᠶᠢᠨ᠎ᠠ᠃ | 5. ᠲᠥᠷᠥ ᠶᠢᠨ ᠪᠣᠳᠣᠯᠭ᠎ᠠ ᠪᠣᠯᠤᠨ ᠪᠡᠯᠡ ᠮᠥᠩᠭᠦ ᠬᠦᠷᠲᠡᠬᠦ ᠬᠡᠪᠴᠢᠶ᠎ᠡ ᠶᠢ ᠥᠷᠭᠡᠳᠬᠡᠬᠦ ᠪᠠᠷ ᠴᠢᠷᠮᠠᠶᠢᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠠᠬᠢ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠲᠦᠷᠦᠯ ᠵᠦᠢᠯ ᠪᠠ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠢ | ᠴᠢᠷᠮᠠᠶᠢᠨ᠎ᠠ᠃ ᠵᠢᠱᠢᠶ᠎ᠡ ᠦᠵᠡᠭᠦᠯᠬᠦ ᠲᠥᠷᠥᠯ ᠤᠨ ᠲᠥᠷᠥ ᠶᠢᠨ ᠪᠣᠳᠣᠯᠭ᠎ᠠ ᠶᠢᠨ ᠳᠣᠲᠣᠷ᠎ᠠ ᠤᠮᠠᠷᠠᠲᠤ ᠣᠷᠣᠨ ᠤ | ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠢ ᠰᠠᠶᠢᠲᠤᠷ ᠪᠡᠶᠡᠯᠡᠭᠦᠯᠵᠦ᠂ | ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠤᠨ᠂ 2024 ᠣᠨ ᠤ ᠡᠴᠦᠰ ᠠᠴᠠ ᠡᠮᠦᠨ᠎ᠡ ᠦᠨᠡᠨ | ᠪᠣᠳᠠᠲᠠᠶ ᠠᠬᠢᠴᠠ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ︶ ᠤᠯᠬᠤ ᠶᠢ | ᠠᠬᠢᠭᠤᠯᠤᠨ᠎ᠠ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠥᠷᠥ ᠶᠢᠨ | ᠪᠣᠳᠣᠯᠭ᠎ᠠ ᠶᠢ ᠰᠠᠶᠢᠲᠤᠷ ᠠᠰᠢᠭᠯᠠᠵᠤ᠂ ᠮᠠᠨ ᠤ ᠰᠢᠶᠠᠨ ᠤ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ | ᠬᠠᠭᠤᠴᠢᠨ ᠢ ᠨᠤᠷᠠᠭᠠᠵᠤ ᠳᠠᠬᠢᠨ ᠬᠠᠭᠠᠯᠪᠤᠷᠢᠯᠠᠭᠰᠠᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠭᠦᠢᠴᠡᠳᠬᠡᠯ ᠲᠤᠭ᠎ᠠ ︵ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ︶ ᠲᠤ ᠣᠷᠣᠭᠤᠯᠬᠤ ᠪᠠᠷ ᠢᠳᠡᠪᠬᠢᠲᠡᠶ ᠴᠢᠷᠮᠠᠶᠢᠨ᠎ᠠ᠃ | | | | | | | | | | | | | | | | | | | | | | | | | | | | | | | | | | | | | | | | | | | | | | | | | | | | | | | | | | | | | | | | | | | |