︽ᠤᠷᠲᠤ ᠬᠤᠭᠤᠴᠠᠭ᠎ᠠ ᠪᠠᠷ ᠬᠠᠷᠠᠭᠠᠯᠵᠠᠨ ᠠᠰᠠᠷᠠᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/20

   ᠣᠷᠳᠣ ᠬᠤᠭᠤᠴᠠᠭ᠎ᠠ ᠪᠠᠷ ᠬᠠᠷᠡᠭᠠᠯᠵᠠᠨ ᠠᠰᠠᠷᠠᠭᠴᠢ ᠶᠢᠨ ᠠᠵᠢᠯ ᠮᠡᠷᠭᠡᠵᠢᠯ ᠤᠨ ᠪᠠᠶᠢᠭᠤᠯᠥᠯᠳᠡ ᠶᠢ ᠠᠬᠢᠭᠤᠯᠬᠤ

ᠪᠣᠯ ᠣᠷᠳᠣ ᠬᠤᠭᠤᠴᠠᠭᠠᠨ ᠤ ᠰᠣᠪᠢᠯᠠᠯᠳᠡ ᠶᠢᠨ ᠲᠠᠭᠠᠳᠬᠠᠯ ᠤᠨ ᠳᠥᠷᠢᠮ ᠤᠨ ᠪᠠᠶᠢᠭᠤᠯᠥᠯᠳᠡ ᠶᠢ

ᠳᠦᠷᠭᠡᠳᠭᠡᠬᠦ ᠶᠢᠨ ᠴᠢᠬᠤᠯᠡ ᠲᠣᠯᠭᠠᠭᠤᠷᠢᠯᠡᠯ ᠪᠤᠯᠥᠨ᠎ᠠ᠂ ᠪᠠᠰᠠ ᠴᠤ ᠣᠷᠳᠣ ᠬᠤᠭᠤᠴᠠᠭᠠᠨ ᠤ ᠰᠣᠪᠢᠯᠠᠯᠳᠡ ᠶᠢᠨ

ᠦᠢᠯᠡᠴᠢᠯᠡᠭᠡᠨ ᠤ ᠶᠠᠰᠣ ᠴᠢᠨᠡᠷ ᠢ ᠳᠡᠭᠡᠭᠰᠢᠯᠡᠬᠦᠯᠬᠦ᠂ ᠣᠷᠳᠣ ᠬᠤᠭᠤᠴᠠᠭᠠᠨ ᠤ ᠰᠣᠪᠢᠯᠠᠯᠳᠡ ᠶᠢᠨ ᠲᠠᠭᠠᠳᠬᠠᠯ ᠤᠨ

ᠰᠠᠭᠤᠷᠢ ᠮᠦᠡᠭᠬᠦ ᠶᠢᠨ ᠠᠮᠥᠷ ᠳᠥᠪᠰᠢᠨ ᠠᠵᠢᠯᠯᠠᠭᠠᠨ ᠢ ᠪᠠᠳᠣᠯᠠᠬᠤ ᠴᠢᠬᠤᠯᠠ ᠪᠦᠬᠦᠢ ᠠᠷᠭ᠎ᠠ ᠭᠡᠮᠵᠢᠶ᠎ᠠ ᠪᠤᠯᠥᠨ᠎ᠠ᠃

ᠣᠶᠢᠷ᠎ᠠ ᠳᠤ᠂ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠬᠥᠮᠦᠨ ᠤ ᠬᠦᠴᠦᠨ ᠤ ᠡᠬᠢ ᠪᠠᠶᠠᠯᠢᠭ

ᠨᠡᠢᠭᠡᠮ ᠤᠨ ᠪᠠᠲᠤᠯᠠᠭ᠎ᠠ ᠶᠢᠨ ᠶᠠᠮᠤᠨ ᠲᠠᠢ ᠬᠠᠮᠲᠤᠷᠠᠨ ︽ᠤᠷᠲᠤ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ

ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠶᠢ ᠠᠬᠢᠭᠤᠯᠬᠤ ᠲᠤᠬᠠᠶ

ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ

ᠲᠠᠷᠬᠠᠭᠠᠪᠠ᠃

    ᠨᠢᠭᠡ᠂ ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖

    2016 ᠣᠨ ᠠᠴᠠ ᠡᠬᠢᠯᠡᠨ᠂ ᠤᠯᠤᠰ ᠠᠴᠠ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ

ᠲᠤᠷᠰᠢᠯᠲᠠ ᠶᠢ ᠡᠬᠢᠯᠡᠭᠦᠯᠵᠦ᠂ 8 ᠵᠢᠯ ᠤᠨ ᠬᠠᠶᠢᠨ ᠰᠦᠪᠡᠭᠴᠢᠯᠡᠯᠲᠡ ᠪᠠᠷ ᠳᠡᠮᠵᠢᠨ᠂ 2023 ᠣᠨ ᠤ ᠡᠴᠦᠰ

ᠪᠣᠯᠬᠤ ᠳᠤ᠂ ᠲᠤᠷᠰᠢᠯᠲᠠ ᠶᠢᠨ ᠭᠠᠵᠠᠷ ᠣᠷᠣᠨ ᠤ ᠲᠣᠭᠲᠠᠭᠰᠠᠨ ᠴᠡᠭ ᠤᠨ ᠣᠷᠳᠣ ᠰᠤᠪᠢᠯᠠᠬᠤ ᠦᠶ᠋ᠯᠡᠴᠢᠯᠡᠭᠡᠨ ᠤ

ᠪᠠᠶᠢᠭᠤᠯᠤᠮᠵᠢ 8080 ᠪᠣᠯᠵᠣ᠂ ᠲᠣᠭᠲᠠᠭᠰᠠᠨ ᠴᠡᠭ ᠤᠨ ᠣᠷᠳᠣ ᠰᠤᠪᠢᠯᠠᠬᠤ ᠦᠶ᠋ᠯᠡᠴᠢᠯᠡᠭᠡᠨ ᠤ

ᠪᠠᠶᠢᠭᠤᠯᠤᠮᠵᠢ ᠶᠢᠨ ᠬᠠᠷᠠᠭᠠᠯᠵᠠᠨ ᠬᠠᠮᠠᠭᠠᠯᠠᠬᠤ ᠬᠥᠮᠦᠨ 30 ᠲᠦᠮᠡ ᠶᠢ ᠳᠠᠪᠠᠵᠤ᠂ ᠨᠡᠶᠢᠲᠡ 235 ᠲᠦᠮᠡ ᠶᠢ

ᠳᠠᠪᠠᠭᠰᠠᠨ ᠬᠥᠮᠦᠨ ᠳᠤ ᠦᠶ᠋ᠯᠡᠴᠢᠯᠡᠭᠡ ᠬᠠᠩᠭᠠᠵᠤ᠂ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠤᠨ ᠬᠡᠷ

ᠪᠦᠯᠢ ᠶᠢᠨ ᠬᠠᠷᠠᠭᠠᠯᠵᠠᠨ ᠬᠠᠮᠠᠭᠠᠯᠠᠬᠤ ᠳᠠᠷᠤᠯᠲᠠ ᠪᠠ ᠠᠵᠤ ᠠᠬᠤᠶ ᠶᠢᠨ ᠳᠠᠷᠤᠭᠠᠰᠤ ᠶᠢ ᠶᠡᠭᠡ ᠪᠠᠷ ᠬᠥᠩᠭᠡᠷᠡᠭᠦᠯᠪᠡ᠃

ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠲᠠᠰᠤᠷᠠᠯᠲᠠ ᠥᠬᠡᠶ

ᠥᠷᠭᠡᠳᠬᠦ ᠶᠢ ᠳᠠᠭᠠᠯᠳᠤᠨ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠦᠢᠯᠡᠴᠢᠯᠡᠭᠡᠨ ᠤ ᠬᠦᠴᠦᠨ ᠪᠠᠭᠤᠷᠠᠶ

ᠪᠠᠶᠢᠬᠤ᠂ ᠲᠤᠰᠬᠠᠶᠢᠵᠢᠭᠰᠠᠨ ᠬᠡᠪ ᠴᠢᠨᠠᠷ ᠥᠨᠳᠥᠷ ᠪᠤᠰᠤ᠂ ᠠᠵᠢᠯ ᠮᠡᠷᠭᠡᠵᠢᠯ ᠤᠨ ᠲᠠᠲᠠᠬᠤ ᠬᠦᠴᠦᠨ ᠬᠦᠷᠦᠯᠴᠡᠬᠦ

ᠥᠬᠡᠶ ᠪᠠᠶᠢᠬᠤ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠶ ᠪᠠᠶᠢᠬᠤ ᠵᠡᠷᠭᠡ ᠠᠰᠠᠭᠤᠳᠠᠯ

ᠠᠯᠬᠤᠮ ᠠᠯᠬᠤᠮ ᠢᠶᠠᠷ ᠢᠯᠡᠷᠡᠵᠦ᠂ ᠲᠦᠷᠢᠮ ᠤᠨ ᠪᠠᠶᠢᠭᠤᠯᠤᠯᠲᠠ ᠶᠢ ᠪᠠᠴᠢᠮ ᠱᠠᠭᠠᠷᠳᠠᠵᠤ ᠪᠠᠶᠢᠨ᠎ᠠ᠃ 2024

ᠣᠨ ᠤ 2 ᠰᠠᠷ᠎ᠠ ᠳᠤ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠬᠥᠮᠦᠨ ᠤ ᠬᠦᠴᠦᠨ ᠤ ᠡᠬᠢ

ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠢ ᠬᠠᠮᠲᠤᠷᠠᠨ ︽ᠡᠷᠡᠭᠦᠯ ᠮᠡᠨᠳᠦ ᠪᠠᠷ ᠬᠠᠷᠠᠭᠠᠯᠵᠠᠨ ᠠᠰᠠᠷᠠᠭᠴᠢ ︵

ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠭᠴᠢ︶ ᠤᠯᠤᠰ ᠤᠨ ᠠᠵᠢᠯ ᠮᠡᠷᠭᠡᠵᠢᠯ ᠤᠨ ᠪᠠᠷᠢᠮᠵᠢᠶ᠎ᠠ ︵2024

ᠣᠨ ᠤ ᠬᠡᠪᠯᠡᠯ︶︾ ᠶᠢ ᠨᠡᠶᠢᠲᠡᠯᠡᠵᠦ᠂ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠭᠴᠢ ᠶᠢᠨ ᠠᠵᠢᠯ

ᠮᠡᠷᠭᠡᠵᠢᠯ ᠤᠨ ᠪᠠᠷᠢᠮᠵᠢᠶ᠎ᠠ ᠶᠢ ᠠᠩᠬ᠎ᠠ ᠤᠳᠠᠭ᠎ᠠ ᠲᠣᠳᠣᠷᠬᠠᠶᠢᠯᠠᠵᠤ᠂ ᠶᠡᠭᠡ ᠬᠡᠮᠵᠢᠶᠡᠨ ᠤ ᠥᠨᠳᠥᠷ ᠬᠡᠪ

ᠪᠣᠯᠪᠠᠰᠤᠷᠠᠯ ᠲᠠᠢ ᠣᠷᠳᠣ ᠬᠤᠭᠤᠴᠠᠭᠠᠨ ᠤ ᠠᠰᠠᠷᠠᠨ ᠰᠤᠪᠢᠯᠠᠬᠤ ᠠᠵᠢᠯ ᠢ ᠲᠦᠷᠭᠡᠳᠬᠡᠨ ᠪᠣᠯᠪᠠᠰᠤᠷᠠᠭᠤᠯᠬᠤ᠂

ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠠᠵᠢᠯ ᠮᠡᠷᠭᠡᠵᠢᠯ ᠤᠨ ᠬᠥᠭᠵᠢᠯᠲᠡ ᠶᠢ ᠠᠬᠢᠭᠤᠯᠬᠤ ᠳᠤ ᠰᠠᠶᠢᠨ

ᠰᠠᠶᠢᠬᠠᠨ ᠰᠠᠭᠤᠷᠢ ᠶᠢ ᠲᠠᠯᠪᠢᠪᠠ᠃

    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ︽

ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠢ ᠲᠦᠷᠭᠡᠳᠬᠡᠨ ᠪᠠᠶᠢᠭᠤᠯᠬᠤ︾

ᠪᠠᠶᠢᠷᠢᠯᠠᠭᠤᠯᠤᠯᠲᠠ ᠱᠠᠭᠠᠷᠳᠠᠯᠭ᠎ᠠ ᠭᠠᠷᠭᠠᠪᠠ᠃ ᠤᠷᠲᠤ ᠬᠤᠭᠤᠴᠠᠭ᠎ᠠ ᠪᠠᠷ ᠬᠠᠷᠠᠭᠠᠯᠵᠠᠨ ᠠᠰᠠᠷᠠᠭᠴᠢᠳ ᠤᠨ

ᠲᠤᠰᠬᠠᠶᠢᠵᠢᠬᠤ᠂ ᠲᠤᠰᠬᠠᠶᠢᠵᠢᠬᠤ ᠬᠥᠭᠵᠢᠯᠲᠡ ᠶᠢ ᠲᠦᠷᠭᠡᠳᠬᠡᠵᠦ᠂ ᠰᠢᠨᠵᠢᠯᠡᠬᠦ ᠤᠬᠠᠭᠠᠨᠴᠢᠯᠠᠭᠰᠠᠨ᠂

ᠨᠡᠶᠢᠭᠡᠮᠴᠢᠯᠡᠭᠰᠡᠨ᠂ ᠤᠯᠠᠨ ᠡᠰᠢᠵᠢᠭᠦᠯᠦᠭᠰᠡᠨ ᠤᠷᠳᠤ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠤᠷ᠎ᠠ

ᠮᠡᠷᠭᠡᠰᠢᠯᠳᠦ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠪᠠᠶᠢᠭᠤᠯᠬᠤ ᠪᠣᠯ ᠨᠠᠮ ᠤᠨ ᠬᠤᠷᠢᠳᠤᠭᠠᠷ ᠬᠤᠭᠤᠴᠠᠭᠠᠨ ᠤ

ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠪᠣᠳᠠᠲᠠᠢ ᠦᠢᠯᠡᠳᠦᠯᠭᠡ ᠪᠣᠯᠤᠨ᠎ᠠ᠂ ᠡᠶᠢᠮᠦ ᠠᠴᠠ ᠤᠯᠤᠰ ᠤᠨ ᠡᠮ ᠡᠮᠨᠡᠯᠭᠡ ᠶᠢᠨ

ᠳᠠᠭᠠᠳᠬᠠᠯ ᠤᠨ ᠲᠤᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ

ᠬᠠᠮᠲᠤ ᠪᠠᠷ ︽ᠬᠡᠷᠡᠭᠵᠢᠭᠦᠯᠬᠦ ᠰᠠᠨᠠᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠠᠢ᠂ ᠡᠨᠡ ᠨᠢ ᠤᠷᠳᠤ

ᠬᠤᠭᠤᠴᠠᠭ᠎ᠠ ᠪᠠᠷ ᠬᠠᠷᠠᠭᠠᠯᠵᠠᠨ ᠠᠰᠠᠷᠠᠭᠴᠢ ᠶᠢᠨ ᠠᠵᠢᠯ ᠮᠡᠷᠭᠡᠵᠢᠯ ᠤᠨ ᠵᠡᠷᠭᠡ ᠳᠡᠰ ᠢ ᠮᠠᠭᠠᠳᠯᠠᠨ ᠲᠣᠭᠲᠠᠭᠠᠬᠤ ᠳᠤ

ᠦᠨᠳᠦᠰᠦᠯᠡᠯ ᠲᠠᠢ ᠪᠠᠶᠢᠵᠤ᠂ ᠮᠥᠨ ᠴᠢᠨᠠᠷ ᠤᠨ ᠠᠵᠢᠯᠯᠠᠭᠠᠨ ᠤ ᠱᠠᠲᠤᠨ ᠳᠤ ᠣᠷᠣᠵᠤ᠂ ᠤᠳᠠᠯ ᠦᠭᠡᠢ

ᠢᠷᠡᠭᠡᠳᠦᠢ ᠳᠤ ᠳᠠᠷᠤᠢ ᠨᠢᠭᠡ ᠪᠦᠯᠦᠭ ᠤᠷᠳᠤ ᠬᠤᠭᠤᠴᠠᠭ᠎ᠠ ᠪᠠᠷ ᠬᠠᠷᠠᠭᠠᠯᠵᠠᠨ ᠠᠰᠠᠷᠠᠭᠴᠢ ᠳᠤ ᠦᠨᠡᠮᠯᠡᠯ ᠲᠠᠢ ᠪᠠᠷ

ᠠᠵᠢᠯ ᠤᠨ ᠪᠠᠶᠢᠷᠢ ᠳᠤ ᠭᠠᠷᠴᠤ᠂ ᠳᠠᠭᠠᠳᠬᠠᠯ ᠳᠤ ᠣᠷᠣᠯᠴᠠᠭᠰᠠᠨ ᠴᠢᠳᠠᠪᠤᠷᠢ ᠪᠠᠨ ᠠᠯᠳᠠᠭᠰᠠᠨ ᠬᠥᠮᠦᠰ ᠲᠤ

ᠰᠢᠯᠢᠳᠡᠭ ᠦᠢᠯᠡᠴᠢᠯᠡᠭᠡ ᠬᠠᠩᠭᠠᠬᠤ ᠶᠢ ᠬᠠᠷᠠᠭᠤᠯᠵᠤ ᠪᠠᠶᠢᠨ᠎ᠠ᠃

    ᠬᠤᠶᠠᠷ᠂ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠨᠢ ᠶᠠᠭᠤ ᠪᠣᠢ︖

    ︽ᠬᠡᠷᠡᠭᠵᠢᠭᠦᠯᠬᠦ ᠰᠠᠨᠠᠯ︾ ᠨᠢ ᠣᠷᠳᠣ ᠬᠤᠭᠤᠴᠠᠭᠠᠨ ᠤ ᠰᠤᠪᠢᠯᠠᠯᠲᠠ ᠶᠢᠨ ᠦᠶ᠋ᠯᠡᠴᠢᠯᠡᠭᠡᠨ ᠤ ᠡᠲᠡᠭᠡᠳ ᠪᠠ

ᠣᠷᠳᠣ ᠬᠤᠭᠤᠴᠠᠭᠠᠨ ᠤ ᠰᠤᠪᠢᠯᠠᠯᠲᠠ ᠶᠢᠨ ᠠᠵᠢᠯ ᠡᠷᠭᠢᠯᠡᠭᠰᠡᠳ ᠤᠨ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ

ᠰᠢᠶ᠋ᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠪᠠᠶᠢᠷᠢ ᠶᠢᠨ ᠬᠡᠷᠡᠭᠯᠡᠯᠲᠡ ᠪᠠᠷ ᠤᠳᠤᠷᠢᠳᠤᠮᠵᠢ

ᠪᠣᠯᠭᠠᠭᠰᠠᠨ ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ

ᠵᠡᠷᠭᠡ ᠳᠡᠰ ᠢ ᠮᠠᠭᠠᠳᠯᠠᠨ ᠲᠣᠭᠲᠠᠭᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠢᠯ

ᠮᠡᠷᠭᠡᠵᠢᠯ ᠤᠨ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠬᠦ ᠶᠢ ᠴᠢᠬᠤᠯᠠᠴᠢᠯᠠᠵᠤ᠂ ᠣᠷᠳᠣ

ᠬᠤᠭᠤᠴᠠᠭ᠎ᠠ ᠪᠠᠷ ᠬᠠᠷᠠᠭᠠᠯᠵᠠᠨ ᠬᠠᠮᠠᠭᠠᠯᠠᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ

ᠮᠠᠭᠠᠳᠯᠠᠨ ᠲᠣᠭᠲᠠᠭᠠᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠣᠳᠣᠷᠬᠠᠶ ᠰᠠᠶᠢᠲᠤᠷ ᠬᠢᠬᠦ ᠬᠡᠷᠡᠭᠲᠡᠶ᠃

︽ᠬᠡᠷᠡᠭᠵᠢᠭᠦᠯᠬᠦ ᠰᠠᠨᠠᠯ︾ ᠨᠢ ᠣᠷᠳᠣ ᠬᠤᠭᠤᠴᠠᠭᠠᠨ ᠤ ᠰᠤᠪᠢᠯᠠᠯᠲᠠ ᠶᠢᠨ ᠦᠶ᠋ᠯᠡᠴᠢᠯᠡᠭᠡᠨ ᠤ ᠡᠲᠡᠭᠡᠳ ᠪᠠ ᠣᠷᠳᠣ

ᠬᠤᠭᠤᠴᠠᠭᠠᠨ ᠤ ᠰᠤᠪᠢᠯᠠᠯᠲᠠ ᠶᠢᠨ ᠠᠵᠢᠯ ᠡᠷᠭᠢᠯᠡᠭᠰᠡᠳ ᠤᠨ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ

ᠰᠢᠶ᠋ᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠪᠠᠶᠢᠷᠢ ᠶᠢᠨ ᠬᠡᠷᠡᠭᠯᠡᠯᠲᠡ ᠪᠠᠷ ᠤᠳᠤᠷᠢᠳᠤᠮᠵᠢ

ᠪᠣᠯᠭᠠᠭᠰᠠᠨ ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ

ᠵᠡᠷᠭᠡ ᠳᠡᠰ ᠢ ᠮᠠᠭᠠᠳᠯᠠᠨ ᠲᠣᠭᠲᠠᠭᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠢᠯ

ᠮᠡᠷᠭᠡᠵᠢᠯ ᠤᠨ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠬᠦ ᠶᠢ ᠴᠢᠬᠤᠯᠠᠴᠢᠯᠠᠵᠤ᠂ ᠣᠷᠳᠣ

ᠬᠤᠭᠤᠴᠠᠭ᠎ᠠ ᠪᠠᠷ ᠬᠠᠷᠠᠭᠠᠯᠵᠠᠨ ᠬᠠᠮᠠᠭᠠᠯᠠᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ

ᠮᠠᠭᠠᠳᠯᠠᠨ ᠲᠣᠭᠲᠠᠭᠠᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠣᠳᠣᠷᠬᠠᠶ ᠰᠠᠶᠢᠲᠤᠷ ᠬᠢᠬᠦ ᠬᠡᠷᠡᠭᠲᠡᠶ᠃

    ᠡᠩ ᠲᠡᠷᠢᠭᠦᠨ ᠳᠤ᠂ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠡᠷᠡᠭᠴᠡᠭᠡ ᠱᠠᠭᠠᠷᠳᠠᠯᠭ᠎ᠠ ᠪᠠᠷ

ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ

ᠲᠣᠭᠲᠠᠭᠠᠬᠤ ᠶᠢ ᠣᠷᠳᠣ ᠬᠤᠭᠤᠴᠠᠭᠠᠨ ᠤ ᠰᠤᠪᠢᠯᠠᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂

ᠳᠠᠭᠠᠳᠬᠠᠯ ᠳᠤ ᠣᠷᠣᠯᠴᠠᠭᠰᠠᠳ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠣᠯᠭᠤᠮᠵᠢ ᠭᠥᠷᠳᠡᠬᠦ ᠡᠷᠬᠡ

ᠠᠰᠢᠭ ᠢ ᠪᠠᠲᠤᠯᠠᠬᠤ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠴᠢᠨᠠᠷ ᠰᠠᠶᠢᠲᠠᠶ

ᠬᠥᠭᠵᠢᠯᠲᠡ ᠶᠢ ᠠᠬᠢᠭᠤᠯᠬᠤ ᠬᠦᠴᠦᠲᠡᠶ ᠲᠤᠯᠭᠠᠭᠤᠷᠢᠯᠠᠯ ᠪᠣᠯᠭᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ

ᠵᠡᠷᠭᠡ ᠳᠡᠰ ᠢ ᠮᠠᠭᠠᠳᠯᠠᠨ ᠲᠣᠭᠲᠠᠭᠠᠬᠤ ᠬᠡᠪᠴᠢᠶ᠎ᠡ ᠪᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠪᠠ᠃

ᠳᠠᠷᠠᠭᠠᠯᠠᠪᠠᠯ᠂ ᠭᠤᠤᠯᠳᠠᠯᠭ᠎ᠠ ᠲᠠᠢ ᠠᠵᠢᠯ ᠢ ᠨᠠᠷᠢᠯᠢᠬᠵᠢᠭᠤᠯᠬᠤ ᠳᠤ᠂ ᠭᠤᠤᠯᠳᠠᠭᠤ ᠵᠡᠷᠭᠡ ᠳᠡᠰ ᠢ ᠮᠠᠭᠠᠳᠯᠠᠨ

ᠲᠣᠭᠲᠠᠭᠠᠬᠤ ᠪᠠᠶᠢᠭᠤᠯᠤᠮᠵᠢ ᠶᠢ ᠵᠦᠶ ᠵᠣᠬᠢᠰᠲᠠᠶ ᠲᠣᠭᠲᠠᠭᠠᠬᠤ᠂ ᠮᠠᠭᠠᠳᠯᠠᠨ ᠲᠣᠭᠲᠠᠭᠠᠬᠤ ᠲᠠᠰ ᠳᠠᠷᠠᠭᠠᠯᠠᠯ ᠢ

ᠵᠢᠷᠤᠮᠵᠢᠭᠤᠯᠬᠤ᠂ ᠮᠠᠭᠠᠳᠯᠠᠨ ᠲᠣᠭᠲᠠᠭᠠᠬᠤ ᠶᠢ ᠪᠠᠶᠢᠩᠭᠤᠵᠢᠭᠤᠯᠤᠨ ᠥᠷᠨᠢᠭᠦᠯᠬᠦ᠂ ᠵᠡᠷᠭᠡ ᠳᠡᠰ ᠢ ᠮᠠᠭᠠᠳᠯᠠᠨ

ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠢ ᠪᠠᠭᠲᠠᠭᠠᠵᠤ᠂

ᠵᠡᠷᠭᠡ ᠳᠡᠰ ᠢ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢ ᠰᠠᠶᠢᠲᠤᠷ ᠬᠢᠬᠦ ᠪᠠᠶᠢᠭᠤᠯᠤᠮᠵᠢ᠂ ᠠᠵᠢᠯᠲᠠᠨ᠂

ᠲᠣᠭᠲᠠᠴᠠ ᠶᠢᠨ ᠲᠤᠯᠭᠠᠭᠤᠷᠢᠯᠠᠯ ᠢ ᠲᠣᠳᠣᠷᠬᠠᠶᠢᠯᠠᠪᠠ᠃ ᠡᠴᠦᠰ ᠲᠤ᠂ ᠵᠣᠬᠢᠶᠠᠨ ᠪᠠᠶᠢᠭᠤᠯᠤᠯᠲᠠ ᠶᠢᠨ

ᠤᠳᠤᠷᠢᠳᠤᠯᠭ᠎ᠠ ᠶᠢ ᠴᠢᠩᠭᠠᠳᠬᠠᠬᠤ᠂ ᠤᠬᠠᠭᠤᠯᠤᠨ ᠳᠡᠯᠭᠡᠷᠡᠭᠦᠯᠬᠦ ᠵᠡᠷᠭᠡ ᠲᠠᠯ᠎ᠠ ᠪᠠᠷ ᠠᠵᠢᠯ ᠤᠨ

ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠴᠠᠢ᠃

    ᠭᠤᠷᠪᠠ᠂ ᠣᠷᠳᠣ ᠬᠤᠭᠤᠴᠠᠭ᠎ᠠ ᠪᠠᠷ ᠬᠠᠷᠠᠭᠠᠯᠵᠠᠨ ᠰᠤᠪᠢᠯᠠᠭᠴᠢ ᠶᠢᠨ ᠠᠵᠢᠯ ᠮᠡᠷᠭᠡᠵᠢᠯ ᠤᠨ ᠤᠷ᠎ᠠ

ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢ ᠬᠡᠷᠬᠢᠨ ᠲᠣᠭᠲᠠᠭᠠᠭᠰᠠᠨ ᠪᠣᠶ︖

    ᠤᠷᠲᠤ ᠬᠤᠭᠤᠴᠠᠭ᠎ᠠ ᠪᠠᠷ ᠬᠠᠷᠠᠭᠠᠯᠵᠠᠨ ᠠᠰᠠᠷᠠᠭᠴᠢ ᠶᠢᠨ ᠬᠠᠩᠭᠠᠭᠰᠠᠨ ᠤᠷᠲᠤ ᠬᠤᠭᠤᠴᠠᠭ᠎ᠠ ᠪᠠᠷ ᠰᠤᠪᠢᠯᠠᠬᠤ

ᠦᠢᠯᠡᠴᠢᠯᠡᠭᠡ ᠨᠢ ᠲᠣᠳᠣᠷᠬᠠᠶ ᠴᠢᠭᠯᠡᠯ ᠲᠠᠢ ᠪᠠᠶᠢᠬᠤ ᠶᠢ ᠪᠣᠳᠣᠯᠬᠢᠯᠠᠵᠤ᠂ ᠤᠷᠲᠤ ᠬᠤᠭᠤᠴᠠᠭ᠎ᠠ ᠪᠠᠷ ᠰᠤᠪᠢᠯᠠᠬᠤ

ᠳᠠᠭᠠᠳᠬᠠᠯ ᠤᠨ ᠣᠯᠭᠤᠮᠵᠢ ᠬᠦᠷᠲᠡᠬᠦ ᠬᠥᠮᠦᠰ ᠤᠨ ᠡᠷᠬᠡ ᠠᠰᠢᠭ ᠪᠠ ᠰᠠᠭᠤᠷᠢ ᠮᠥᠩᠭᠦ ᠶᠢᠨ ᠠᠵᠢᠯᠯᠠᠭᠠᠨ ᠤ ᠠᠮᠤᠷ

ᠲᠦᠪᠰᠢᠨ ᠲᠠᠢ ᠨᠢᠭᠲᠠ ᠬᠤᠯᠪᠣᠭ᠎ᠠ ᠲᠠᠢ ᠪᠠᠶᠢᠬᠤ ᠶᠢ ᠪᠣᠳᠣᠯᠬᠢᠯᠠᠵᠤ᠂ ︽ᠬᠡᠷᠡᠭᠵᠢᠭᠦᠯᠬᠦ ᠰᠠᠨᠠᠯ︾ ᠳᠤ ᠮᠤᠵᠢ ᠶᠢᠨ

ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ

ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠤᠷᠲᠤ ᠬᠤᠭᠤᠴᠠᠭ᠎ᠠ ᠪᠠᠷ ᠰᠤᠪᠢᠯᠠᠬᠤ ᠳᠠᠭᠠᠳᠬᠠᠯ ᠤᠨ

ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠠᠵᠢᠯ ᠮᠡᠷᠭᠡᠵᠢᠯ ᠤᠨ ᠴᠢᠳᠠᠪᠦᠷᠢ ᠶᠢᠨ ᠵᠡᠷᠭᠡ ᠳᠡᠰ ᠢ ᠮᠠᠭᠠᠳᠯᠠᠨ

ᠲᠣᠭᠲᠠᠭᠠᠬᠤ ᠪᠠᠶᠢᠭᠤᠯᠤᠮᠵᠢ ᠶᠢᠨ ᠳᠠᠩᠰᠠᠯᠠᠭᠤᠯᠬᠤ ᠵᠦᠢᠯᠡᠰ ᠤᠨ ᠭᠦᠢᠴᠡᠳᠭᠡᠬᠦ ᠵᠦᠭᠯᠡᠭᠦᠷ ᠤᠨ ᠱᠠᠭᠠᠷᠳᠠᠯᠭ᠎ᠠ ᠶᠢ

ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ᠂ ᠵᠦᠢ ᠵᠣᠬᠢᠰᠲᠠᠶ ᠪᠠᠶᠢᠷᠢᠯᠠᠭᠤᠯᠬᠤ᠂

ᠨᠥᠬᠦᠴᠡᠯ ᠢ ᠴᠢᠩᠳᠠᠯᠠᠬᠤ᠂ ᠰᠢᠯᠢᠳᠡᠭ ᠢ ᠨᠢ ᠰᠢᠯᠢᠨ ᠰᠣᠩᠭᠤᠬᠤ᠂ ᠬᠥᠳᠡᠯᠦᠩᠭᠦᠶ ᠪᠠᠷ ᠳᠣᠭᠢᠷᠠᠭᠤᠯᠬᠤ ᠵᠠᠷᠴᠢᠮ

ᠶᠣᠰᠣᠭᠠᠷ᠂ ᠣᠯᠠᠨ ᠨᠡᠶᠢᠲᠡ ᠶᠢᠨ ᠪᠣᠳᠠᠲᠠᠶ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠡᠩ ᠤᠨ ᠳᠡᠭᠡᠳᠦ

ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ

ᠪᠠᠭᠲᠠᠨ᠎ᠠ︶᠂ ᠠᠵᠢᠯ ᠮᠡᠷᠭᠡᠵᠢᠯ ᠤᠨ ᠴᠢᠳᠠᠪᠦᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠵᠡᠷᠭᠡ ᠡᠬᠢ ᠪᠠᠶᠠᠯᠢᠭ ᠢ

ᠨᠢᠭᠡᠳᠦᠯᠲᠡᠶ ᠲᠥᠯᠥᠪᠯᠡᠨ᠂ ᠨᠥᠬᠦᠴᠡᠯ ᠳᠤ ᠨᠡᠶᠢᠴᠡᠬᠦ ᠨᠢᠭᠡᠴᠡ ᠶᠢ ᠬᠠᠮᠲᠤ ᠪᠠᠷ ᠰᠢᠯᠢᠨ ᠰᠣᠩᠭᠤᠵᠤ᠂ ᠳᠡᠰ

ᠳᠠᠷᠠᠭᠠᠯᠠᠯ ᠶᠣᠰᠣᠭᠠᠷ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ ᠰᠠᠶᠢᠲᠤᠷ ᠬᠢᠵᠦ᠂ ᠳᠠᠩᠰᠠᠯᠠᠭᠤᠯᠤᠭᠰᠠᠨ ᠤ

ᠳᠠᠷᠠᠭᠠᠬᠢ ᠨᠢᠭᠡᠴᠡ ᠨᠢ ᠤᠷᠲᠤ ᠬᠤᠭᠤᠴᠠᠭ᠎ᠠ ᠪᠠᠷ ᠠᠰᠠᠷᠠᠭᠴᠢ ᠶᠢᠨ ᠠᠵᠢᠯ ᠮᠡᠷᠭᠡᠵᠢᠯ ᠤᠨ ᠴᠢᠳᠠᠪᠦᠷᠢ ᠶᠢᠨ ᠵᠡᠷᠭᠡ

ᠳᠡᠰ ᠢ ᠮᠠᠭᠠᠳᠯᠠᠨ ᠲᠣᠭᠲᠠᠭᠠᠬᠤ ᠪᠠᠶᠢᠭᠤᠯᠤᠮᠵᠢ ᠪᠣᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ ᠵᠠᠷᠴᠢᠮ

ᠳᠡᠭᠡᠷ᠎ᠡ ᠪᠠᠨ᠂ ᠡᠯ᠎ᠡ ᠮᠤᠵᠢ ᠶᠢᠨ ᠬᠢᠨ ᠤᠷᠲᠤ ᠬᠤᠭᠤᠴᠠᠭ᠎ᠠ ᠪᠠᠷ ᠬᠠᠷᠠᠭᠠᠯᠵᠠᠨ ᠠᠰᠠᠷᠠᠭᠴᠢ ᠶᠢᠨ ᠠᠵᠢᠯ

ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠨᠡᠶᠢᠭᠡᠮ ᠤᠨ ᠪᠣᠯᠪᠠᠰᠤᠷᠠᠭᠤᠯᠤᠯ ᠢ

ᠦᠨᠡᠯᠡᠬᠦ ᠵᠣᠬᠢᠶᠠᠨ ᠪᠠᠶᠢᠭᠤᠯᠤᠯᠲᠠ ᠶᠢ 3 ᠡᠷᠦᠬᠡ ᠠᠴᠠ ᠬᠡᠲᠦᠷᠡᠭᠦᠯᠵᠦ ᠪᠣᠯᠬᠤ ᠦᠭᠡᠢ᠃

    ᠳᠥᠷᠪᠡ᠂ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠭᠴᠢ ᠶᠢᠨ ᠠᠵᠢᠯ ᠮᠡᠷᠭᠡᠵᠢᠯ ᠤᠨ ᠤᠷ᠎ᠠ

ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠶᠢ ᠬᠡᠷᠬᠢᠨ ᠥᠷᠨᠢᠭᠦᠯᠬᠦ ᠪᠣᠶ︖

    ︽ᠬᠡᠷᠡᠭᠵᠢᠭᠦᠯᠬᠦ ᠰᠠᠨᠠᠯ︾ ᠳᠤ᠂ ᠤᠷᠲᠤ ᠬᠤᠭᠤᠴᠠᠭ᠎ᠠ ᠪᠠᠷ ᠬᠠᠷᠠᠭᠠᠯᠵᠠᠨ ᠠᠰᠠᠷᠠᠭᠴᠢ ᠶᠢᠨ ᠠᠵᠢᠯ

ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠡᠷᠬᠡᠪᠰᠢ ︽

ᠡᠷᠡᠭᠦᠯ ᠮᠡᠨᠳᠦ ᠶᠢᠨ ᠬᠠᠷᠠᠭᠠᠯᠵᠠᠨ ᠠᠰᠠᠷᠠᠭᠴᠢ ︵ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠭᠴᠢ︶ ᠶᠢᠨ

ᠤᠯᠤᠰ ᠤᠨ ᠠᠵᠢᠯ ᠮᠡᠷᠭᠡᠵᠢᠯ ᠤᠨ ᠪᠠᠷᠢᠮᠵᠢᠶ᠎ᠠ ︵2021 ᠣᠨ ᠤ ᠬᠡᠪᠯᠡᠯ︶︾ ᠶᠢᠨ ᠬᠠᠮᠢᠶ᠎ᠠ ᠪᠥᠬᠦᠶ

ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠭᠴᠢ ᠶᠢᠨ ᠠᠵᠢᠯ

ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠭᠤᠯᠭ᠎ᠠ ᠲᠠᠢ ᠬᠠᠷᠢᠴᠠᠭᠤᠯᠤᠨ᠂

ᠲᠥᠷᠥᠯ ᠪᠠ ᠳᠡᠰ ᠬᠤᠪᠢᠶᠠᠨ ᠲᠠᠪᠤᠨ ᠲᠠᠰ / ᠠᠩᠬ᠎ᠠ ᠵᠡᠷᠭᠡ ᠶᠢᠨ ᠠᠵᠢᠯᠴᠢᠨ᠂ ᠳᠥᠷᠪᠡᠳᠦᠭᠡᠷ ᠳᠡᠰ / ᠳᠤᠮᠳᠠ

ᠵᠡᠷᠭᠡ ᠶᠢᠨ ᠠᠵᠢᠯᠴᠢᠨ᠂ ᠭᠤᠷᠪᠠᠳᠤᠭᠠᠷ ᠳᠡᠰ / ᠳᠡᠭᠡᠳᠦ ᠵᠡᠷᠭᠡ ᠶᠢᠨ ᠠᠵᠢᠯᠴᠢᠨ ᠢ ᠮᠠᠭᠠᠳᠯᠠᠨ ᠲᠣᠭᠲᠠᠭᠠᠵᠤ

ᠰᠢᠯᠭᠠᠨ ᠬᠢᠨᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠳᠤᠷᠠᠳᠪᠠ᠃ ᠤᠷᠲᠤ ᠬᠤᠭᠤᠴᠠᠭ᠎ᠠ ᠪᠠᠷ ᠬᠠᠷᠠᠭᠠᠯᠵᠠᠨ

ᠠᠰᠠᠷᠠᠭᠴᠢ ᠶᠢᠨ ᠤᠯᠤᠰ ᠤᠨ ᠠᠵᠢᠯ ᠮᠡᠷᠭᠡᠵᠢᠯ ᠤᠨ ᠪᠠᠷᠢᠮᠵᠢᠶ᠎ᠠ ᠪᠣᠯᠤᠨ ᠨᠢᠭᠡᠳᠦᠯᠲᠡᠶ ᠨᠡᠭᠡᠭᠡᠨ ᠬᠥᠭᠵᠢᠭᠦᠯᠬᠦ ᠤᠷᠲᠤ

ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ ᠬᠢᠭᠡᠳ

ᠰᠢᠯᠭᠠᠯᠲᠠ ᠶᠢᠨ ᠰᠡᠳᠦᠪ ᠤᠨ ᠬᠥᠮᠥᠷᠭᠡ ᠶᠢ ᠪᠣᠯᠪᠠᠰᠤᠷᠠᠭᠤᠯᠤᠯ᠂ ᠰᠢᠯᠭᠠᠨ ᠬᠢᠨᠠᠬᠤ ᠶᠢᠨ ᠭᠤᠤᠯ ᠦᠨᠳᠦᠰᠦᠯᠡᠯ

ᠪᠣᠯᠭᠠᠬᠤ ᠬᠡᠷᠡᠭᠲᠡᠶ᠃ ᠣᠨᠣᠯ ᠤᠨ ᠮᠡᠳᠡᠯᠭᠡ ᠶᠢᠨ ᠰᠢᠯᠭᠠᠯᠲᠠ ᠪᠠ ᠠᠵᠢᠯᠯᠠᠬᠤ ᠮᠡᠷᠭᠡᠵᠢᠯ ᠴᠢᠳᠠᠪᠤᠷᠢ ᠶᠢᠨ ᠬᠢᠨᠠᠨ

ᠰᠢᠯᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠮᠡᠷᠭᠡᠵᠢᠯ ᠤᠨ ᠶᠣᠰᠣ ᠮᠣᠷᠠᠯ᠂ ᠰᠠᠭᠤᠷᠢ ᠮᠡᠳᠡᠯᠭᠡ᠂

ᠠᠮᠢᠳᠤᠷᠠᠯ ᠢ ᠬᠠᠷᠠᠭᠠᠯᠵᠠᠬᠤ᠂ ᠰᠠᠭᠤᠷᠢ ᠰᠤᠪᠢᠯᠠᠯᠲᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂

ᠴᠢᠳᠠᠮᠵᠢ ᠶᠢ ᠬᠠᠮᠠᠭᠠᠯᠠᠬᠤ᠂ ᠡᠪᠡᠳᠴᠢᠨ ᠳᠤᠨᠢ ᠲᠣᠬᠢᠷᠠᠭᠤᠯᠤᠨ ᠰᠤᠪᠢᠯᠠᠬᠤ᠂ ᠰᠡᠳᠬᠢᠴᠡ ᠶᠢ ᠬᠠᠷᠠᠭᠠᠯᠵᠠᠨ

ᠠᠰᠠᠷᠠᠬᠤ ᠵᠡᠷᠭᠡ ᠲᠠᠯ᠎ᠠ ᠶᠢᠨ ᠲᠣᠭᠤᠷᠢᠨ ᠳᠤ ᠬᠢᠨᠠᠨ ᠰᠢᠯᠭᠠᠬᠤ ᠶᠢ ᠥᠷᠨᠢᠭᠦᠯᠬᠦ ᠶᠢᠨ ᠬᠠᠮᠲᠤ ᠬᠢᠷᠢ ᠲᠡᠩᠴᠡᠭᠰᠡᠨ

ᠬᠥᠮᠦᠰ ᠲᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠲᠠᠰ ᠤᠨ ᠦᠨᠡᠮᠯᠡᠯ ᠣᠯᠭᠤᠨ᠎ᠠ᠃ ᠡᠭᠦᠨ ᠤ

ᠬᠠᠮᠲᠤ᠂ ᠡᠯ᠎ᠡ ᠭᠠᠵᠠᠷ ᠤᠨ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠳ ᠬᠥᠮᠦᠨ ᠬᠡᠷᠡᠭᠯᠡᠬᠦ ᠨᠢᠭᠡᠴᠡ ᠶᠢ

ᠵᠢᠯᠣᠭᠤᠳᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠤᠷᠲᠤ ᠬᠤᠭᠤᠴᠠᠭᠠᠨ ᠤ ᠰᠤᠪᠢᠯᠠᠯᠲᠠ ᠶᠢᠨ

ᠦᠢᠯᠡᠴᠢᠯᠡᠭᠡᠨ ᠤ ᠪᠠᠶᠢᠭᠤᠯᠤᠮᠵᠢ ᠵᠡᠷᠭᠡ ᠪᠣᠯᠪᠠᠰᠤᠷᠠᠭᠤᠯᠤᠯ ᠤᠨ ᠲᠠᠯᠠᠪᠤᠷ ᠭᠠᠵᠠᠷ ᠲᠤ ᠲᠦᠰᠢᠭᠯᠡᠨ᠂ ᠡᠷᠬᠢᠯᠡᠭᠰᠡᠨ

ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠢ ᠦᠨᠡᠮᠰᠢᠭᠰᠡᠨ ᠤᠷᠲᠤ ᠬᠤᠭᠤᠴᠠᠭᠠᠨ ᠤ ᠬᠠᠷᠠᠭᠠᠯᠵᠠᠨ

ᠠᠰᠠᠷᠠᠭᠴᠢ ᠶᠢ ᠨᠢᠭᠡᠨᠲᠡ ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ ᠮᠡᠳᠡᠯᠭᠡ ᠪᠠ ᠪᠣᠳᠠᠲᠤ

ᠪᠣᠯᠪᠠᠰᠤᠷᠠᠯ ᠤᠨ ᠮᠡᠷᠭᠡᠵᠢᠯ ᠴᠢᠳᠠᠪᠤᠷᠢ ᠶᠢᠨ ᠡᠭᠡᠯᠵᠢᠯᠡᠨ ᠪᠣᠯᠪᠠᠰᠤᠷᠠᠭᠤᠯᠬᠤ ᠠᠵᠢᠯ ᠥᠷᠨᠢᠭᠦᠯᠬᠦ ᠬᠡᠷᠡᠭᠲᠡᠶ᠃

ᠢᠷᠡᠯᠲᠡ᠄ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠰᠦᠯᠵᠢᠶᠡᠨ ᠥᠷᠲᠡᠭᠡ

ᠣᠷᠴᠢᠭᠤᠯᠤᠭᠴᠢ᠄ ᠠᠨᠵᠸᠯ 

 

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2