︽ᠲᠦᠷᠪᠡᠨ ᠠᠯᠬᠤᠮ ᠤᠨ ᠰᠤᠳᠤᠯᠭᠠᠨ︾ ᠨᠢ ᠬᠢᠨᠠᠨ ᠪᠤᠳᠤᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/11/21

    ᠡᠨᠡ ᠵᠢᠯ ᠠᠴᠠ ᠨᠠᠰᠢ᠂ ᠮᠠᠨ ᠤ ᠰᠢᠶᠠᠨ ᠤ ᠬᠢᠨᠠᠨ ᠪᠤᠳᠤᠬᠤ ᠲᠣᠪᠴᠢᠶ᠎ᠠ ︽ᠳᠥᠷᠪᠡᠨ ᠠᠯᠬᠤᠮ ᠤᠨ

ᠰᠤᠳᠤᠯᠭᠠᠨ︾ ᠢ ᠬᠦᠴᠦᠯᠡᠨ ᠰᠠᠶᠢᠲᠤᠷ ᠬᠢᠵᠦ᠂ ︽ᠰᠤᠳᠤᠯᠭᠠᠨ ᠢ ᠴᠢᠩᠭᠠᠳᠬᠠᠵᠤ᠂ ᠶᠠᠰᠤ ᠴᠢᠨᠠᠷ ᠦᠷ᠎ᠡ

ᠪᠦᠲᠦᠮᠵᠢ ᠶᠢ ᠳᠡᠭᠡᠭᠰᠢᠯᠡᠭᠦᠯᠬᠦ︾ ᠬᠢᠨᠠᠨ ᠪᠤᠳᠤᠬᠤ ᠵᠠᠮ ᠢᠶᠠᠷ ᠰᠠᠶᠢᠲᠤᠷ ᠵᠠᠮᠨᠠᠪᠠ᠃

    ᠨᠢᠭᠡ ᠳᠤ᠂ ᠬᠢᠨᠠᠨ ᠪᠤᠳᠤᠯᠲᠠ ᠶᠢᠨ ᠪᠦᠬᠦᠨ ᠢ ᠬᠠᠮᠤᠷᠬᠤ ᠬᠡᠮᠵᠢᠶ᠎ᠡ ᠶᠢ ᠰᠤᠳᠤᠯᠤᠨ ᠥᠷᠭᠡᠳᠬᠡᠨ᠎ᠡ᠃ ᠬᠢᠨᠠᠨ

ᠪᠤᠳᠤᠬᠤ ᠲᠥᠷᠥᠯ ᠵᠦᠢᠯ ᠤᠨ ᠬᠠᠮᠢᠶᠠᠷᠤᠯᠲᠠ ᠶᠢᠨ ᠡᠬᠡ ᠲᠠᠩᠰᠠ ᠳᠤ ᠲᠡᠮᠳᠡᠭᠯᠡᠭᠰᠡᠨ ᠬᠤᠯᠪᠣᠭᠳᠠᠯ ᠪᠥᠬᠦᠶ ᠬᠢᠨᠠᠨ

ᠪᠤᠳᠤᠬᠤ ᠡᠲᠡᠭᠡᠳ ᠢ ᠬᠢᠨᠠᠨ ᠪᠤᠳᠤᠬᠤ᠂ ᠲᠤᠰᠬᠠᠶ ᠬᠢᠨᠠᠨ ᠪᠤᠳᠤᠬᠤ ᠪᠠ ᠰᠠᠯᠠᠭ᠎ᠠ ᠮᠥᠴᠢᠷ ᠤᠨ ᠲᠥᠰᠦᠪ ᠢ ᠬᠢᠨᠠᠨ

ᠪᠤᠳᠤᠭᠰᠠᠨ ᠪᠠᠶᠢᠳᠠᠯ ᠢ ᠦᠨᠳᠦᠰᠦᠯᠡᠨ᠂ ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢ ᠭᠦᠨᠵᠡᠭᠡᠶ

ᠵᠠᠳᠠᠯᠤᠨ ᠰᠤᠳᠤᠯᠵᠤ ᠲᠣᠭᠲᠠᠭᠠᠵᠤ᠂ ᠬᠢᠨᠠᠯᠲᠠ ᠲᠠᠯᠪᠢᠬᠤ ᠪᠠᠯᠠᠶ ᠣᠷᠣᠨ ᠢ ᠠᠷᠢᠯᠭᠠᠨ᠎ᠠ᠃

    ᠬᠤᠶᠠᠷ ᠲᠤ᠂ ᠬᠢᠨᠠᠨ ᠪᠤᠳᠤᠬᠤ ᠡᠲᠡᠭᠡᠳ ᠢ ᠨᠡᠪᠲᠡ ᠦᠵᠡᠬᠦ ᠶᠢ ᠰᠤᠳᠤᠯᠪᠠ᠃ ᠨᠢᠭᠡᠴᠢ ᠨᠢᠭᠡᠪᠦᠷᠢ ᠶᠢᠨ ᠡᠭᠦᠷᠭᠡ

ᠴᠢᠳᠠᠪᠤᠷᠢ ᠶᠢᠨ ᠣᠨᠴᠠᠯᠢᠭ ᠲᠤ ᠴᠢᠭᠯᠡᠭᠦᠯᠦᠨ᠂ ᠬᠢᠨᠠᠨ ᠪᠤᠳᠤᠭᠳᠠᠵᠦ ᠪᠠᠶᠢᠭ᠎ᠠ ᠡᠲᠡᠭᠡᠳ ᠤᠨ ᠡᠭᠦᠷᠭᠡ

ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠤᠯᠪᠣᠭᠳᠠᠬᠤ ᠰᠢᠢᠳᠪᠦᠷᠢᠲᠦ ᠪᠣᠳᠣᠯᠭ᠎ᠠ ᠶᠢᠨ ᠲᠣᠭᠲᠠᠴᠠ᠂ ᠲᠥᠰᠦᠪ ᠤᠨ

ᠲᠣᠬᠢᠷᠠᠭᠤᠯᠤᠯᠲᠠ᠂ ᠳᠣᠲᠣᠭᠠᠳᠤ ᠶᠢᠨ ᠡᠵᠡᠮᠳᠡᠯ᠂ ᠴᠢᠬᠤᠯᠠ ᠶᠡᠭᠡ ᠠᠵᠤ ᠠᠬᠤᠶ ᠶᠢᠨ ᠵᠦᠢᠯᠡᠰ ᠵᠡᠷᠭᠡ ᠶᠢ

ᠰᠤᠳᠤᠯᠵᠤ᠂ ᠲᠥᠷᠥᠯ ᠵᠦᠢᠯ ᠤᠨ ᠣᠨᠴᠠᠯᠢᠭ ᠪᠠ ᠨᠢᠭᠡᠴᠢ ᠶᠢᠨ ᠣᠨᠴᠠᠯᠢᠭ ᠢ ᠢᠯᠡᠷᠡᠭᠦᠯᠦᠭᠰᠡᠨ ᠬᠢᠨᠠᠨ

ᠪᠤᠳᠤᠯᠳᠠ ᠶᠢᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠬᠢᠨᠠᠨ ᠪᠤᠳᠤᠯᠳᠠ ᠶᠢᠨ ᠬᠡᠷᠡᠭᠵᠢᠭᠦᠯᠬᠦ

ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ᠂ ᠬᠠᠨᠳᠤᠯᠭᠠᠲᠤ ᠴᠢᠨᠠᠷ ᠢ

ᠳᠡᠭᠡᠭᠰᠢᠯᠡᠭᠦᠯᠵᠦ᠂ ᠬᠢᠨᠠᠨ ᠪᠤᠳᠤᠭᠳᠠᠭᠤᠯᠤᠭᠴᠢ ᠳᠤ ︽ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠬᠥᠷᠥᠭ

ᠵᠢᠷᠤᠬᠤ︾ ᠶᠢ ᠤᠷᠢᠳᠴᠢᠯᠠᠨ ᠰᠠᠶᠢᠲᠤᠷ ᠵᠢᠷᠤᠵᠤ ᠥᠭᠪᠡ᠃

    ᠭᠤᠷᠪᠠ ᠳᠤ᠂ ᠬᠢᠨᠠᠨ ᠪᠤᠳᠤᠬᠤ ᠦᠢᠯᠡᠴᠢᠯᠡᠭᠡᠨ ᠤ ᠴᠢᠳᠠᠪᠤᠷᠢ ᠶᠢ ᠰᠤᠳᠤᠯᠤᠨ ᠴᠢᠩᠭᠠᠳᠬᠠᠪᠠ᠃ ᠬᠢᠨᠠᠨ

ᠪᠤᠳᠤᠵᠤ ᠴᠡᠭᠴᠡᠯᠡᠨ ᠰᠠᠶᠢᠵᠢᠷᠠᠭᠤᠯᠬᠤ ᠪᠠ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠮᠥᠷᠳᠡᠨ ᠵᠢᠯᠣᠭᠤᠳᠬᠤ

ᠲᠣᠭᠲᠠᠴᠠ ᠶᠢ ᠪᠠᠶᠢᠭᠤᠯᠵᠤ᠂ ᠬᠢᠨᠠᠨ ᠪᠤᠳᠤᠭᠳᠠᠵᠦ ᠪᠠᠶᠢᠭ᠎ᠠ ᠡᠲᠡᠭᠡᠳ ᠯᠦᠭᠡ ᠲᠣᠭᠲᠠᠮᠠᠯ ᠬᠤᠭᠤᠴᠠᠭ᠎ᠠ ᠲᠠᠢ ᠪᠠᠷ

ᠨᠡᠪᠲᠡᠷᠡᠯᠴᠡᠨ ᠬᠠᠷᠢᠯᠴᠠᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠤᠭᠰᠠᠨ ᠪᠠ ᠳᠣᠲᠣᠭᠠᠳᠤ ᠶᠢᠨ ᠬᠢᠨᠠᠨ

ᠪᠤᠳᠤᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠰᠣᠯᠢᠯᠴᠠᠨ᠂ ᠣᠶᠢᠷ᠎ᠠ ᠶᠢᠨ ᠵᠢᠯ ᠳᠤ

ᠬᠠᠮᠢᠶ᠎ᠠ ᠪᠥᠬᠦᠶ ᠬᠦᠷᠢᠶᠡᠨ ᠳᠠᠬᠢ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠵᠢᠴᠢ ᠣᠷᠣᠰᠢᠵᠤ ᠮᠡᠳᠡᠬᠦ

ᠬᠠᠮᠢᠶᠠᠷᠤᠯᠲᠠ ᠶᠢᠨ ᠲᠦᠭᠰᠢᠭᠦᠷᠢ ᠶᠢ ᠰᠠᠨᠠᠭᠤᠯᠵᠤ᠂ ᠬᠢᠨᠠᠨ ᠪᠤᠳᠤᠭᠳᠠᠵᠦ ᠪᠠᠶᠢᠭ᠎ᠠ ᠡᠲᠡᠭᠡᠳ ᠢ ᠬᠠᠪᠰᠤᠷᠤᠨ

ᠲᠦᠷᠢᠮ ᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢ ᠵᠢᠷᠤᠮᠵᠢᠭᠤᠯᠪᠠ᠃

    ᠲᠦᠷᠪᠡ ᠳᠤ᠂ ᠬᠢᠨᠠᠨ ᠪᠤᠳᠤᠬᠤ ᠺᠠᠳ᠋ᠷ ᠤᠨ ᠴᠢᠳᠠᠪᠤᠷᠢ ᠶᠢ ᠰᠤᠳᠤᠯᠤᠨ ᠳᠡᠭᠡᠭᠰᠢᠯᠡᠭᠦᠯᠪᠡ᠃ ᠬᠢᠨᠠᠨ ᠪᠤᠳᠤᠬᠤ

ᠡᠩᠨᠡᠭᠡᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠵᠠᠯᠠᠭᠤ ᠬᠢᠨᠠᠨ ᠪᠤᠳᠤᠬᠤ ᠺᠠᠳ᠋ᠷ ᠢ ᠡᠭᠦᠷᠭᠡ ᠲᠤᠯᠭᠠᠵᠤ᠂

ᠰᠤᠳᠤᠯᠬᠤ ᠪᠠᠷ ᠰᠢᠭᠦᠬᠦ ᠶᠢ ᠠᠬᠢᠭᠤᠯᠵᠤ᠂ ᠬᠢᠨᠠᠨ ᠪᠠᠶᠢᠴᠠᠭᠠᠬᠤ ᠪᠠᠷ ᠪᠣᠯᠪᠠᠰᠤᠷᠠᠯ ᠢ ᠳᠠᠭᠠᠭᠤᠯᠵᠤ᠂ ᠵᠠᠯᠠᠭᠤ ᠬᠢᠨᠠᠨ

ᠪᠤᠳᠤᠬᠤ ᠺᠠᠳ᠋ᠷ ᠤᠨ ︽ᠪᠠᠶᠢᠴᠠᠭᠠᠵᠤ ᠳᠡᠶᠢᠯᠬᠦ᠂ ᠬᠡᠯᠡᠵᠦ ᠳᠡᠶᠢᠯᠬᠦ᠂ ᠪᠢᠴᠢᠵᠦ ᠳᠡᠶᠢᠯᠬᠦ︾ ᠴᠢᠳᠠᠪᠤᠷᠢ ᠶᠢ

ᠲᠠᠰᠤᠷᠠᠯᠲᠠ ᠦᠭᠡᠢ ᠳᠡᠭᠡᠭᠰᠢᠯᠡᠭᠦᠯᠪᠡ᠃ 

 

ᠢᠷᠡᠯᠲᠡ᠄ ᠬᠤᠸᠠᠳᠧ ᠰᠢᠶᠠᠨ ᠤ ᠬᠢᠨᠠᠨ ᠪᠤᠳᠤᠬᠤ ᠲᠣᠪᠴᠢᠶ᠎ᠠ

ᠵᠣᠬᠢᠶᠠᠭᠴᠢ᠄ ᠶᠠᠩ ᠾᠦᠢ ᠮᠢᠨ

ᠣᠷᠴᠢᠭᠤᠯᠤᠭᠴᠢ᠄ ᠭᠠᠩᠭ᠎ᠠ ᠠᠨᠵᠸᠯ  

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2