ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠵᠢᠭᠤᠷᠠᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠤᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/11/21

    ᠡᠶᠡᠳᠡᠭᠦᠯᠵᠦ ᠬᠥᠨᠳᠡᠯᠡᠨ ᠠᠴᠠ ᠲᠠᠰᠤᠯᠬᠤ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ

ᠴᠢᠩᠭᠠᠳᠬᠠᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠠᠵᠢᠯ ᠢ

ᠳᠦᠷᠢᠮᠵᠢᠭᠦᠯᠬᠦ᠂ ᠵᠢᠷᠤᠮᠵᠢᠭᠤᠯᠬᠤ᠂ ᠪᠠᠷᠢᠮᠵᠢᠶᠠᠵᠢᠭᠤᠯᠤᠨ ᠬᠥᠭᠵᠢᠭᠦᠯᠬᠦ ᠶᠢ ᠦᠷᠭᠦᠯᠵᠢᠯᠡᠨ ᠲᠦᠯᠬᠢᠨ

ᠠᠬᠢᠭᠤᠯᠬᠤ ᠶᠢᠨ ᠲᠤᠰᠠᠳᠠ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ

ᠵᠢᠭᠤᠷᠠᠯᠳᠤᠭᠠᠨ ᠢ ᠴᠠᠭ ᠲᠤᠬᠠᠶ ᠳᠤᠨᠢ ᠪᠦᠲᠦᠮᠵᠢᠲᠡᠶ ᠠᠷᠢᠯᠭᠠᠨ᠎ᠠ᠃ ᠲᠦᠷᠦᠭᠦᠬᠡᠨ᠂ ᠮᠠᠨ ᠤ ᠰᠢᠶᠠᠨ ᠤ ᠬᠥᠳᠡᠭᠡ

ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠥᠨᠳᠡᠯᠡᠨ ᠠᠴᠠ ᠲᠠᠰᠤᠯᠬᠤ ᠵᠥᠪᠯᠡᠯ ︽ᠬᠤᠸᠠᠳᠧ

ᠰᠢᠶᠠᠨ ᠤ 2024 ᠣᠨ ᠤ ᠬᠥᠳᠡᠭᠡ ᠲᠣᠰᠬᠤᠨ ᠤ ᠭᠠᠵᠠᠷ ᠰᠢᠷᠣᠶ ᠶᠢᠨ ᠵᠢᠭᠤᠷᠠᠯᠳᠤᠭᠠᠨ ᠢ ᠡᠶᠡᠳᠡᠭᠦᠯᠬᠦ ᠪᠠ

ᠬᠥᠨᠳᠡᠯᠡᠨ ᠠᠴᠠ ᠲᠠᠰᠤᠯᠬᠤ ᠪᠣᠯᠪᠠᠰᠤᠷᠠᠯ ᠤᠨ ᠠᠩᠭᠢ︾ ᠶᠢ ᠡᠷᠭᠢᠯᠡᠵᠦ᠂ ᠰᠢᠶᠠᠨ᠂ ᠰᠢᠶᠠᠩ᠂ ᠲᠣᠰᠬᠤᠨ ᠭᠤᠷᠪᠠᠨ

ᠱᠠᠲᠤᠨ ᠤ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠵᠢᠭᠤᠷᠠᠯᠳᠤᠭᠠᠨ ᠢ ᠡᠶᠡᠳᠡᠭᠦᠯᠬᠦ᠂

ᠬᠥᠨᠳᠡᠯᠡᠨ ᠠᠴᠠ ᠲᠠᠰᠤᠯᠬᠤ᠂ ᠭᠠᠵᠠᠷ ᠰᠢᠷᠣᠶ ᠶᠢᠨ ᠡᠵᠡᠩᠨᠡᠯᠲᠡ ᠶᠢ ᠡᠷᠭᠢᠯᠳᠦᠭᠦᠯᠬᠦ ᠵᠢᠴᠢ ᠰᠢᠯᠵᠢᠭᠦᠯᠦᠨ

ᠡᠷᠭᠢᠯᠳᠦᠭᠦᠯᠬᠦ ᠭᠡᠷ᠎ᠡ ᠶᠢᠨ ᠬᠠᠮᠢᠶᠠᠷᠤᠯᠲᠠ ᠶᠢᠨ ᠠᠵᠢᠯᠲᠠᠨ ᠪᠠᠷᠤᠭ 200 ᠰᠢᠬᠠᠮ ᠬᠥᠮᠦᠨ ᠲᠣᠰ ᠤᠳᠠᠭᠠᠨ ᠤ

ᠪᠣᠯᠪᠠᠰᠤᠷᠠᠯ ᠳᠤ ᠣᠷᠣᠯᠴᠠᠪᠠ᠃ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ

ᠮᠡᠷᠭᠡᠵᠢᠯ ᠤᠨ ᠲᠣᠪᠴᠢᠶ᠎ᠠ ᠠᠴᠠ ᠲᠤᠰᠬᠠᠶ ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠵᠤ ︽ᠪᠥᠬᠦᠳᠡ

ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ

ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ

ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠬᠦ ᠬᠥᠨᠳᠡᠯᠡᠨ ᠠᠴᠠ ᠲᠠᠰᠤᠯᠬᠤ ᠬᠠᠤᠯᠢ︾᠂ ︽ᠬᠥᠳᠡᠭᠡ

ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠬᠠᠮᠢᠶᠠᠷᠤᠯᠲᠠ ᠶᠢᠨ ᠠᠷᠭ᠎ᠠ︾᠂

ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠬᠦ

ᠬᠥᠨᠳᠡᠯᠡᠨ ᠠᠴᠠ ᠲᠠᠰᠤᠯᠤᠭᠴᠢ ᠶᠢᠨ ᠠᠵᠢᠯᠯᠠᠬᠤ ᠠᠷᠭ᠎ᠠ᠂ ᠲᠠᠰ ᠳᠠᠷᠠᠭᠠᠯᠠᠯ ᠳᠤ ᠴᠢᠭᠯᠡᠭᠦᠯᠦᠨ᠂ ᠬᠡᠷᠡᠭ ᠤᠨ

ᠵᠢᠱᠢᠶ᠎ᠡ ᠶᠢᠨ ᠵᠠᠳᠠᠯᠤᠯᠲᠠ ᠲᠠᠢ ᠤᠶᠠᠯᠳᠤᠭᠤᠯᠤᠨ ᠪᠥᠬᠦ ᠲᠠᠯ᠎ᠠ ᠶᠢᠨ ᠲᠠᠶᠢᠯᠤᠮᠵᠢ ᠬᠢᠪᠠ᠃ ᠪᠣᠯᠪᠠᠰᠤᠷᠠᠯ ᠤᠨ

ᠠᠩᠭᠢ ᠨᠢ ︽ᠪᠦᠯᠦᠭ ᠤᠳᠠᠭ᠎ᠠ ᠬᠤᠪᠢᠶᠠᠨ ᠲᠥᠪᠯᠡᠷᠡᠭᠦᠯᠦᠨ ᠪᠣᠯᠪᠠᠰᠤᠷᠠᠭᠤᠯᠬᠤ᠂ ᠬᠠᠷᠢᠭᠤ ᠮᠡᠳᠡᠭᠦᠯᠦᠯᠲᠡ

ᠰᠣᠨᠣᠰᠬᠤ᠂ ᠲᠤᠬᠠᠶ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠬᠤ᠂ ᠲᠤᠬᠠᠶ ᠶᠢᠨ ᠲᠠᠯᠠᠪᠤᠷ ᠲᠤ ᠦᠨᠡᠯᠡᠬᠦ︾ ᠶᠢ

ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠪᠠ᠃

1731380897728068626.jpg

    ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠬᠥᠨᠳᠡᠯᠡᠨ ᠠᠴᠠ ᠲᠠᠰᠤᠯᠬᠤ ᠠᠵᠢᠯᠲᠠᠳ ᠨᠠᠩ ᠣᠯᠠᠨ

ᠡᠶᠡᠳᠡᠭᠦᠯᠬᠦ ᠠᠷᠭ᠎ᠠ ᠬᠡᠮᠵᠢᠶ᠎ᠡ ᠪᠠ ᠤᠷ᠎ᠠ ᠮᠡᠷᠭᠡᠵᠢᠯ ᠢ ᠡᠵᠡᠮᠰᠢᠵᠦ᠂ ᠪᠥᠬᠦ ᠰᠢᠶᠠᠨ ᠤ ᠬᠥᠳᠡᠭᠡ ᠲᠣᠰᠬᠤᠨ ᠤ ᠭᠠᠵᠠᠷ

ᠰᠢᠷᠣᠶ ᠶᠢᠨ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠠᠵᠢᠯ ᠤᠨ

ᠡᠩᠨᠡᠭᠡ ᠶᠢᠨ ᠪᠦᠬᠦᠯᠢ ᠴᠣᠭᠴᠠ ᠶᠢᠨ ᠴᠢᠳᠠᠪᠤᠷᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠠᠵᠠᠷ

ᠰᠢᠷᠣᠶ ᠶᠢᠨ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠠᠵᠢᠯ ᠢ

ᠬᠠᠤᠯᠢ ᠶᠣᠰᠣᠭᠠᠷ ᠥᠷᠨᠢᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃

    ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠵᠢᠭᠤᠷᠠᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ

ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠮᠢᠶ᠎ᠠ ᠪᠥᠬᠦᠶ ᠬᠥᠮᠦᠰ ᠤᠨ ᠲᠤᠰᠬᠠᠶ

ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠨ

ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠬᠦ ᠠᠵᠢᠯ ᠢ ᠢᠳᠡᠪᠬᠢᠲᠡᠶ ᠥᠷᠨᠢᠭᠦᠯᠵᠦ᠂ ᠭᠠᠵᠠᠷ ᠰᠢᠷᠣᠶ ᠶᠢᠨ ᠳᠠᠭᠠᠭᠠᠴᠢᠯᠠᠨ

ᠡᠵᠡᠩᠨᠡᠬᠦ ᠵᠢᠭᠤᠷᠠᠯᠳᠤᠭᠠᠨ ᠢ ᠴᠠᠭ ᠲᠤᠬᠠᠶ ᠳᠤᠨᠢ ᠪᠦᠲᠦᠮᠵᠢᠲᠡᠶ ᠠᠷᠢᠯᠭᠠᠵᠤ᠂ ᠲᠠᠷᠢᠶᠠᠴᠢᠳ ᠲᠤ ᠨᠠᠩ ᠰᠠᠶᠢᠨ

ᠦᠢᠯᠡᠴᠢᠯᠡᠭᠡ ᠪᠠ ᠪᠠᠲᠤᠯᠠᠭ᠎ᠠ ᠬᠠᠩᠭᠠᠵᠤ᠂ ᠮᠠᠨ ᠤ ᠰᠢᠶᠠᠨ ᠤ ︽ᠠᠮᠤᠷ ᠠᠮᠤᠭᠤᠯᠠᠩ ᠤᠨ ᠪᠠᠶᠢᠭᠤᠯᠤᠯᠲᠠ︾ ᠶᠢ

ᠪᠥᠬᠦ ᠲᠠᠯ᠎ᠠ ᠪᠠᠷ ᠠᠬᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃

 

ᠢᠷᠡᠯᠲᠡ᠄ ᠬᠤᠸᠠᠳᠧ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ

ᠵᠣᠬᠢᠶᠠᠭᠴᠢ᠄ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ

ᠣᠷᠴᠢᠭᠤᠯᠤᠭᠴᠢ᠄ ᠭᠠᠩᠭ᠎ᠠ ᠠᠨᠵᠸᠯ    

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2