ᠰᠢᠶᠠᠨ ᠤ ᠬᠢᠨᠠᠨ ᠪᠤᠳᠤᠬᠤ ᠲᠣᠪᠴᠢᠶ᠎ᠠ ︽ᠭᠤᠷᠪᠠ ᠶᠢ ᠠᠬᠢᠭᠤᠯᠵᠤ︾ ᠨᠠᠮ ᠤᠨ ᠪᠠᠶᠢᠭᠤᠯᠤᠯᠲᠠ ᠬᠢᠭᠡᠳ ᠬᠢᠨᠠᠨ ᠪᠤᠳᠤᠬᠤ ᠠᠵᠢᠯ ᠤᠨ ᠭᠦᠨᠵᠡᠭᠡᠶ ᠠᠭᠤᠰᠤᠯᠴᠠᠯ ᠢ ᠪᠠᠲᠤ ᠴᠣᠭᠴᠠᠯᠠᠵᠤ᠂ ᠬᠢᠨᠠᠨ ᠪᠤᠳᠤᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/11/21

    ᠨᠢᠭᠡ ᠳᠤ᠂ ᠨᠠᠮ ᠤᠨ ᠪᠠᠶᠢᠭᠤᠯᠤᠯᠲᠠ ᠪᠣᠯᠤᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠭᠦᠨᠵᠡᠭᠡᠢ

ᠠᠭᠤᠰᠤᠯᠴᠠᠯ ᠢ ᠠᠬᠢᠭᠤᠯᠵᠤ᠂ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂

ᠨᠠᠮ ᠤᠨ ᠪᠠᠶᠢᠭᠤᠯᠤᠯᠲᠠ ᠪᠣᠯᠤᠨ ᠬᠢᠨᠠᠨ ᠪᠤᠳᠤᠬᠤ ᠠᠵᠢᠯ ᠢ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠪᠠᠶᠢᠷᠢᠯᠠᠭᠤᠯᠵᠤ

᠂ ᠵᠡᠷᠭᠡᠪᠡᠷ ᠠᠬᠢᠭᠤᠯᠵᠤ᠂ ᠵᠡᠷᠭᠡᠪᠡᠷ ᠨᠠᠶᠢᠳᠠᠪᠤᠷᠢᠵᠢᠭᠤᠯᠵᠤ᠂ ︽ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ︾ ᠶᠢ

ᠦᠨᠡᠨ ᠬᠦ ᠪᠡᠶᠡᠯᠡᠭᠦᠯᠬᠦ ᠶᠢᠨ ᠬᠠᠮᠲᠤ ᠠᠵᠢᠯ ᠤᠨ ᠪᠣᠳᠠᠲᠤ ᠪᠠᠶᠢᠳᠠᠯ ᠵᠢᠴᠢ ᠬᠢᠨᠠᠨ ᠪᠤᠳᠤᠬᠤ ᠲᠦᠷᠦᠯ ᠵᠦᠢᠯ ᠤᠨ

ᠣᠨᠴᠠᠯᠢᠭ ᠢ ᠦᠨᠳᠦᠰᠦᠯᠡᠵᠦ᠂ ᠬᠢᠨᠠᠨ ᠪᠤᠳᠤᠬᠤ ᠠᠵᠢᠯ ᠢ ᠥᠷᠨᠢᠭᠦᠯᠬᠦ ᠶᠢᠨ ᠬᠠᠮᠲᠤ᠂ ᠪᠠᠶᠢᠩᠭᠤᠵᠢᠭᠰᠠᠨ ᠨᠠᠮ ᠤᠨ

ᠪᠠᠶᠢᠭᠤᠯᠤᠯᠲᠠ ᠶᠢᠨ ᠤᠨᠤᠯ ᠪᠣᠯᠤᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠦᠯᠵᠢᠶᠡᠨ

ᠳᠡᠭᠡᠷᠡᠬᠢ ᠪᠠ ᠰᠦᠯᠵᠢᠶᠡᠨ ᠭᠠᠳᠠᠨᠠᠬᠢ ᠰᠤᠷᠤᠯᠴᠠᠯᠭ᠎ᠠ ᠪᠣᠯᠪᠠᠰᠤᠷᠠᠯ ᠤᠨ ᠬᠤᠷᠠᠯ ᠢ ᠡᠷᠬᠢᠯᠡᠵᠦ᠂ ᠬᠢᠨᠠᠨ

ᠪᠤᠳᠤᠯᠳᠠ ᠳᠤ ᠢᠯᠡᠷᠡᠭᠦᠯᠦᠭᠰᠡᠨ ᠠᠰᠠᠭᠤᠳᠠᠯ ᠢ ᠭᠦᠨᠵᠡᠭᠡᠢ ᠵᠠᠳᠠᠯᠤᠨ ᠰᠤᠳᠤᠯᠵᠤ᠂ ᠬᠢᠨᠠᠨ ᠪᠤᠳᠤᠬᠤ ᠶᠠᠪᠤᠴᠠ ᠳᠤ

ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃

    ᠬᠤᠶᠠᠷ ᠲᠤ᠂ ᠨᠠᠮ ᠤᠨ ᠪᠠᠶᠢᠭᠤᠯᠤᠯᠲᠠ ᠪᠣᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ

ᠭᠦᠨᠵᠡᠭᠡᠶ ᠠᠭᠤᠰᠤᠯᠴᠠᠯ ᠢ ᠠᠬᠢᠭᠤᠯᠵᠤ᠂ ᠬᠢᠨᠠᠨ ᠪᠤᠳᠤᠬᠤ ︽ᠣᠨᠴᠠ ᠲᠥᠷᠥᠯ ᠤᠨ ᠴᠡᠷᠢᠭ ᠠᠩᠭᠢ︾ ᠶᠢ ᠳᠠᠪᠲᠠᠨ

ᠪᠣᠯᠪᠠᠰᠤᠷᠠᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯ ᠬᠢᠨᠠᠨ

ᠪᠤᠳᠤᠬᠤ ᠠᠵᠢᠯ ᠤᠨ ᠠᠮᠢᠨ ᠰᠤᠳᠠᠰᠤ ᠪᠠ ᠥᠨᠳᠥᠷ ᠳᠠᠷᠤᠯᠲᠠᠲᠤ ᠱᠤᠭᠤᠮ ᠮᠥᠨ︾᠂ ᠨᠠᠮ ᠤᠨ ᠰᠤᠷᠲᠠᠯ ᠤᠨ ᠪᠠ

ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠬᠢᠨᠠᠨ ᠪᠤᠳᠤᠬᠤ ᠶᠢ ᠬᠡᠷᠡᠭᠵᠢᠭᠦᠯᠬᠦ ᠶᠠᠪᠤᠴᠠ ᠳᠠᠬᠢ

ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠠᠭᠤᠯᠭ᠎ᠠ ᠪᠣᠯᠭᠠᠬᠤ ᠶᠢ ᠪᠠᠷᠢᠮᠲᠠᠯᠠᠵᠤ᠂ ᠰᠡᠷᠡᠮᠵᠢᠯᠡᠭᠦᠯᠬᠦ

ᠬᠥᠮᠦᠵᠢᠯ ᠢ ᠭᠦᠨᠵᠡᠭᠡᠶ ᠥᠷᠨᠢᠭᠦᠯᠬᠦ ᠪᠠᠷ ᠳᠠᠮᠵᠢᠭᠤᠯᠤᠨ᠂ ᠳᠡᠷᠭᠡᠳᠡᠬᠢ ᠤᠴᠢᠷ ᠶᠠᠪᠤᠳᠠᠯ ᠢᠶᠠᠷ ᠳᠡᠷᠭᠡᠳᠡᠬᠢ

ᠬᠥᠮᠦᠰ ᠢᠶᠠᠨ ᠰᠡᠷᠡᠮᠵᠢᠯᠡᠭᠦᠯᠵᠦ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠪᠠᠭ᠎ᠠ ᠳᠡᠭᠡᠷ᠎ᠡ ᠨᠢ

ᠰᠡᠷᠭᠡᠶᠢᠯᠡᠬᠦ ᠶᠢ ᠪᠡᠶᠡᠯᠡᠭᠦᠯᠪᠡ᠃ ᠡᠭᠦᠨ ᠤ ᠬᠠᠮᠲᠤ᠂ ᠬᠠᠮᠢᠶ᠎ᠠ ᠪᠥᠬᠦᠶ ᠮᠡᠳᠡᠯᠭᠡ ᠶᠢ ᠨᠠᠷᠢᠨ ᠬᠢᠨᠠᠮᠠᠭᠠᠶ ᠰᠤᠷᠤᠯᠴᠠᠵᠤ᠂

ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢᠶᠠᠨ ᠴᠢᠩᠭᠠᠳᠬᠠᠵᠤ᠂ ᠬᠢᠨᠠᠨ ᠪᠤᠳᠤᠬᠤ ᠺᠠᠳ᠋ᠷᠴᠤᠳ ᠤᠨ

ᠲᠥᠪ ᠭᠤᠤᠯᠴᠢ ᠠᠷᠢᠭᠤᠨ ᠴᠢᠬᠡᠴᠢ ᠰᠠᠶᠢᠨ ᠰᠠᠶᠢᠬᠠᠨ ᠳᠦᠷᠢ ᠲᠥᠷᠬᠦ ᠶᠢ ᠬᠠᠮᠠᠭᠠᠯᠠᠨ᠎ᠠ᠃

    ᠭᠤᠷᠪᠠ ᠳᠤ᠂ ᠨᠠᠮ ᠤᠨ ᠪᠠᠶᠢᠭᠤᠯᠤᠯᠲᠠ ᠪᠣᠯᠤᠨ ᠡᠩᠨᠡᠭᠡᠨ ᠤ ᠪᠠᠶᠢᠭᠤᠯᠤᠯᠲᠠ ᠶᠢᠨ ᠭᠦᠨᠵᠡᠭᠡᠢ ᠠᠭᠤᠰᠤᠯᠴᠠᠯ ᠢ

ᠠᠬᠢᠭᠤᠯᠵᠤ᠂ ᠬᠢᠨᠠᠨ ᠪᠤᠳᠤᠬᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠰᠤᠷᠤᠯᠴᠠᠯᠭ᠎ᠠ ᠬᠥᠮᠦᠵᠢᠯ ᠢ ᠭᠦᠨᠵᠡᠭᠡᠢ

ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ︽ᠰᠠᠬᠢᠯᠭ᠎ᠠ ᠪᠠᠲᠤ ᠶᠢ

ᠰᠠᠬᠢᠬᠤ᠂ ᠶᠣᠰᠣ ᠲᠦᠷᠢᠮ ᠢ ᠡᠷᠬᠢᠮᠯᠡᠬᠦ᠂ ᠵᠠᠩ ᠰᠤᠷᠲᠠᠯ ᠢ ᠴᠢᠬᠤᠯᠠᠴᠢᠯᠠᠬᠤ︾ ᠦᠯᠢᠭᠡᠷ ᠳᠠᠭᠤᠷᠢᠶᠠᠯ ᠪᠣᠯᠭᠠᠬᠤ ᠪᠠᠷ

ᠴᠢᠷᠮᠠᠶᠢᠬᠤ ᠬᠡᠷᠡᠭᠲᠡᠢ᠃ 

 

ᠢᠷᠡᠯᠲᠡ᠄ ᠬᠤᠸᠠᠳᠧ ᠰᠢᠶᠠᠨ ᠤ ᠬᠢᠨᠠᠨ ᠪᠤᠳᠤᠬᠤ ᠲᠣᠪᠴᠢᠶ᠎ᠠ

ᠵᠣᠬᠢᠶᠠᠭᠴᠢ᠄ ᠬᠢᠨᠠᠨ ᠪᠤᠳᠤᠬᠤ ᠲᠣᠪᠴᠢᠶ᠎ᠠ

ᠣᠷᠴᠢᠭᠤᠯᠤᠭᠴᠢ᠄ ᠭᠠᠩᠭ᠎ᠠ ᠠᠨᠵᠸᠯ  

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2