ᠰᠢᠶᠠᠨ ᠤ ᠬᠢᠨᠠᠨ ᠪᠣᠳᠣᠬᠤ ᠲᠣᠪᠴᠢᠶ᠎ᠠ ᠬᠤᠸᠠᠳᠧ ᠰᠢᠶᠠᠨ ᠤ ᠡᠮᠨᠡᠯᠭᠡ ᠶᠢᠨ ᠬᠤᠷᠢᠶᠠᠨ ᠳᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠬᠢᠪᠡ
ᠨᠡᠶᠢᠲᠡᠯᠡᠭᠰᠡᠨ ᠴᠠᠭ᠄
2024/11/21

    ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠪᠣᠯ ᠣᠳᠣᠬᠠᠨ ᠤ ᠨᠡᠶᠢᠭᠡᠮ ᠤᠨ ᠬᠢᠨ ᠤ

ᠠᠩᠬᠠᠷᠴᠤ ᠪᠠᠶᠢᠭ᠎ᠠ ᠬᠡᠯᠡᠯᠴᠡᠭᠡᠨ ᠶᠡᠬᠡᠲᠡᠶ ᠪᠠ ᠬᠦᠴᠢᠷ ᠠᠰᠠᠭᠤᠳᠠᠯ ᠪᠣᠯᠬᠤᠷ ᠠᠯᠪᠠᠨ ᠠᠴᠠ ᠪᠠᠶᠢᠭᠤᠯᠤᠭᠰᠠᠨ

ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠡᠮᠴᠢᠯᠡᠭᠡᠨ ᠤ ᠦᠢᠯᠡᠴᠢᠯᠡᠭᠡᠨ ᠤ ᠡᠬᠢ ᠪᠠᠶᠠᠯᠢᠭ ᠲᠤ ᠭᠤᠤᠯ

ᠴᠣᠭᠴᠠ ᠶᠢᠨ ᠪᠠᠶᠢᠷᠢ ᠶᠢ ᠡᠵᠡᠯᠡᠨ᠎ᠡ᠃ ᠬᠤᠸᠠᠳᠧ ᠰᠢᠶᠠᠨ ᠤ ᠡᠮᠨᠡᠯᠭᠡ ᠶᠢᠨ ᠬᠤᠷᠢᠶ᠎ᠠ ᠨᠢ ᠠᠯᠪᠠᠨ ᠠᠴᠠ

ᠪᠠᠶᠢᠭᠤᠯᠤᠭᠰᠠᠨ ᠬᠤᠶᠠᠳᠤᠭᠠᠷ ᠳᠡᠰ ᠤᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠪᠣᠯᠤᠭᠰᠠᠨ ᠤ ᠬᠤᠪᠢ ᠳᠤ᠂

ᠲᠤᠬᠠᠶᠢᠯᠠᠭᠰᠠᠨ ᠠᠵᠢᠯ ᠤᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠪᠠᠶᠢᠳᠠᠯ ᠨᠢ ᠪᠤᠳᠤᠯᠢᠶᠠᠨᠲᠠᠶ᠂ ᠲᠥᠷᠥ ᠶᠢᠨ

ᠪᠣᠳᠣᠯᠭ᠎ᠠ ᠶᠢᠨ ᠴᠢᠨᠠᠷ ᠢᠶᠠᠷ ᠴᠢᠩᠭ᠎ᠠ ᠪᠣᠯᠬᠤᠷ ᠥᠭᠡᠷᠡᠴᠢᠯᠡᠯᠲᠡ ᠶᠢᠨ ᠭᠤᠤᠯᠳᠠᠯᠭ᠎ᠠ ᠪᠠ ᠬᠦᠴᠢᠷᠳᠡᠯ ᠪᠣᠯᠤᠭᠰᠠᠨ

ᠪᠠᠶᠢᠨ᠎ᠠ᠃ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠮᠠᠨ ᠤ

ᠰᠢᠶᠠᠨ ᠤ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠳᠤᠭᠤᠶᠢᠯᠠᠩ ᠲᠣᠮᠢᠯᠠᠨ ᠬᠤᠸᠠᠳᠧ ᠰᠢᠶᠠᠨ ᠤ ᠡᠮᠨᠡᠯᠭᠡ ᠶᠢᠨ

ᠬᠤᠷᠢᠶᠠᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢ ᠥᠷᠨᠢᠭᠦᠯᠪᠡ᠃

    ᠬᠢᠨᠠᠨ ᠪᠤᠳᠤᠬᠤ ᠳᠤᠭᠤᠶᠢᠯᠠᠩ ︽ᠡᠳ᠋ ᠤᠨ ᠶᠠᠪᠤᠳᠠᠯ᠂ ᠲᠤᠬᠠᠶᠢᠯᠠᠭᠰᠠᠨ ᠠᠵᠢᠯ᠂ ᠲᠥᠷᠥ ᠶᠢᠨ ᠪᠣᠳᠣᠯᠭ᠎ᠠ︾

ᠭᠤᠷᠪᠠᠨ ᠭᠤᠤᠯ ᠱᠤᠭᠤᠮ ᠤᠨ ᠲᠣᠭᠤᠷᠢᠨ ᠳᠤ᠂ ︽ᠶᠡᠷᠦᠩᠬᠡᠶ ᠶᠢ ᠨᠢ ᠲᠣᠳᠣᠷᠬᠠᠶ ᠣᠶᠢᠯᠠᠭᠠᠵᠤ᠂ ᠠᠰᠠᠭᠤᠳᠠᠯ ᠢ

ᠢᠯᠡᠴᠢᠯᠡᠵᠦ᠂ ᠬᠠᠮᠢᠶᠠᠷᠤᠯᠲᠠ ᠶᠢ ᠵᠢᠷᠤᠮᠵᠢᠭᠤᠯᠤᠨ᠂ ᠥᠭᠡᠷᠡᠴᠢᠯᠡᠯᠲᠡ ᠶᠢ ᠠᠬᠢᠭᠤᠯᠵᠤ᠂ ᠠᠮᠵᠢᠯᠲᠠ ᠪᠦᠲᠦᠮᠵᠢ ᠶᠢ

ᠳᠡᠭᠡᠭᠰᠢᠯᠡᠭᠦᠯᠦᠨ᠂ ᠠᠮᠤᠷ ᠲᠦᠪᠰᠢᠨ ᠢ ᠬᠠᠮᠠᠭᠠᠯᠠᠬᠤ︾ ᠬᠠᠷᠠᠯᠲᠠ ᠶᠢ ᠡᠵᠡᠮᠳᠡᠵᠦ᠂ ᠠᠰᠠᠭᠤᠳᠠᠯ ᠤᠨ ᠪᠣᠶ

ᠪᠣᠯᠤᠭᠰᠠᠨ ᠰᠢᠯᠲᠠᠭᠠᠨ ᠢ ᠭᠦᠨᠵᠡᠭᠡᠶ ᠵᠠᠳᠠᠯᠵᠤ᠂ ᠬᠠᠨᠳᠤᠯᠭᠠᠲᠤ ᠴᠢᠨᠠᠷᠲᠠᠶ ᠬᠢᠨᠠᠨ ᠪᠤᠳᠤᠬᠤ ᠰᠠᠨᠠᠭᠤᠯᠭ᠎ᠠ ᠳᠤᠷᠠᠳᠴᠤ᠂

ᠬᠤᠸᠠᠳᠧ ᠰᠢᠶᠠᠨ ᠤ ᠡᠮᠨᠡᠯᠭᠡ ᠶᠢᠨ ᠬᠤᠷᠢᠶᠠᠨ ᠤ ᠵᠢᠷᠤᠮᠵᠢᠭᠰᠠᠨ ᠬᠠᠮᠢᠶᠠᠷᠤᠯᠲᠠ ᠪᠠ ᠡᠷᠡᠭᠦᠯ ᠢᠶᠠᠷ ᠬᠥᠭᠵᠢᠬᠦ ᠶᠢ

ᠠᠬᠢᠭᠤᠯᠤᠨ᠎ᠠ᠃ 

 

ᠢᠷᠡᠯᠲᠡ᠄ ᠬᠤᠸᠠᠳᠧ ᠰᠢᠶᠠᠨ ᠤ ᠬᠢᠨᠠᠨ ᠪᠤᠳᠤᠬᠤ ᠲᠣᠪᠴᠢᠶ᠎ᠠ

ᠵᠣᠬᠢᠶᠠᠭᠴᠢ᠄ ᠬᠢᠨᠠᠨ ᠪᠤᠳᠤᠬᠤ ᠲᠣᠪᠴᠢᠶ᠎ᠠ

ᠣᠷᠴᠢᠭᠤᠯᠤᠭᠴᠢ᠄ ᠭᠠᠩᠭ᠎ᠠ ᠠᠨᠵᠸᠯ    

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2