ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠥᠪᠡᠰᠦᠪᠡᠨ ᠦᠢᠯᠡᠴᠢᠯᠡᠬᠦ ᠦᠢᠯᠡᠴᠢᠯᠡᠭᠡ ᠨᠢ ᠣᠯᠠᠨ ᠲᠦᠮᠡᠨ ᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠨᠠᠩ ᠳᠥᠭᠦᠮ ᠳᠥᠲᠡ ᠪᠣᠯᠭᠠᠨ᠎ᠠ
ᠨᠡᠶᠢᠲᠡᠯᠡᠭᠰᠡᠨ ᠴᠠᠭ᠄
2024/11/21

    ᠣᠳᠣᠬᠠᠨ ᠳᠤ᠂ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ 24 ᠴᠠᠭ ᠤᠨ

ᠵᠠᠰᠠᠭ ᠤᠨ ᠶᠠᠪᠤᠳᠠᠯ ᠤᠨ ᠥᠪᠡᠷᠲᠡᠭᠡᠨ ᠦᠢᠯᠡᠴᠢᠯᠡᠬᠦ ᠲᠢᠩᠬᠢᠮ ᠳᠤ ᠣᠷᠣᠵᠤ᠂ ︽ᠬᠥᠮᠦᠨ ᠤ ᠶᠢᠷᠲᠢᠨᠴᠦ ᠶᠢᠨ

ᠬᠤᠸᠠᠷ ᠫᠤᠤᠵᠢᠩ︾ ᠤᠨ ᠠᠭᠤᠷ ᠠᠮᠢᠰᠬᠤᠯ ᠢᠶᠠᠷ ᠪᠢᠯᠬᠠᠨ᠎ᠠ᠃ ᠠᠳᠡ ᠨᠢ ᠣᠷᠣᠰᠢᠨ ᠰᠠᠭᠤᠭᠴᠢᠳ ᠤᠨ

ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠴᠢᠬᠤᠯᠠ ᠲᠠᠯᠠᠪᠤᠷ ᠪᠣᠯᠤᠭᠰᠠᠨ ᠪᠠᠶᠢᠨ᠎ᠠ᠃

    ︽ᠪᠢᠳᠡ ᠪᠦᠷ ᠨᠠᠰᠤ ᠠᠬᠢᠭᠰᠠᠨ ᠪᠣᠯᠬᠤᠷ ᠣᠶᠤᠨᠴᠢ ᠭᠠᠷ ᠤᠲᠠᠰᠤ ᠪᠠᠨ ᠬᠡᠷᠡᠭᠯᠡᠵᠦ ᠴᠢᠳᠠᠬᠤ ᠦᠭᠡᠢ᠂

ᠵᠥᠪᠬᠡᠨ ᠶᠡᠭᠡ ᠲᠢᠩᠬᠢᠮ ᠳᠤ ᠢᠷᠡᠵᠦ ᠮᠥᠷᠯᠡᠨ ᠰᠢᠢᠳᠪᠦᠷᠢᠯᠡᠵᠦ ᠪᠣᠯᠤᠨ᠎ᠠ᠃︾ ︽ᠮᠠᠰᠢᠨ ᠳᠡᠭᠡᠷ᠎ᠡ ᠪᠠᠰᠠ

ᠰᠢᠢᠳᠪᠦᠷᠢᠯᠡᠵᠦ ᠳᠡᠶᠢᠯᠦᠨ᠎ᠡ᠂ ᠪᠠᠰᠠ ᠲᠤᠰᠬᠠᠶ ᠬᠥᠮᠦᠨ ᠢᠶᠠᠷ ᠬᠠᠪᠰᠤᠷᠤᠨ᠎ᠠ ᠭᠡᠵᠦ ᠪᠣᠳᠣᠵᠤ ᠣᠯᠤᠭᠰᠠᠨ ᠦᠭᠡᠢ᠂

ᠦᠨᠡᠬᠡᠷ ᠳᠥᠭᠦᠮ ᠶᠤᠮ︕︾ ᠥᠪᠡᠷᠲᠡᠭᠡᠨ ᠦᠢᠯᠡᠴᠢᠯᠡᠬᠦ ᠲᠢᠩᠬᠢᠮ ᠤᠨ ᠬᠥᠮᠦᠨ ᠤ ᠬᠦᠴᠦᠨ ᠤ ᠡᠬᠢ ᠪᠠᠶᠠᠯᠢᠭ

ᠪᠠ ᠨᠡᠶᠢᠭᠡᠮ ᠤᠨ ᠪᠠᠲᠤᠯᠠᠭ᠎ᠠ ᠶᠢᠨ ᠥᠪᠡᠰᠦᠪᠡᠨ ᠦᠢᠯᠡᠴᠢᠯᠡᠬᠦ ᠦᠵᠦᠭᠦᠷ ᠤᠨ ᠮᠠᠰᠢᠨ ᠢᠶᠠᠷ ᠨᠠᠰᠤᠵᠢᠯ ᠤᠨ

ᠠᠰᠠᠷᠠᠮᠵᠢ ᠶᠢᠨ ᠬᠢᠷᠢ ᠬᠡᠮ ᠤᠨ ᠭᠡᠷᠡᠴᠢᠯᠡᠯ ᠢ ᠬᠦᠢᠴᠡᠳᠬᠡᠭᠰᠡᠨ ᠣᠯᠠᠨ ᠲᠦᠮᠡᠨ ᠰᠡᠳᠬᠢᠯ

ᠳᠣᠭᠳᠣᠯᠵᠤ ᠪᠠᠶᠢᠯ᠎ᠠ᠃

    ᠣᠶᠢᠯᠠᠭᠠᠭᠰᠠᠨ ᠢᠶᠠᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠥᠪᠡᠰᠦᠪᠡᠨ

ᠦᠢᠯᠡᠴᠢᠯᠡᠬᠦ ᠦᠵᠦᠭᠦᠷ ᠤᠨ ᠮᠠᠰᠢᠨ ᠢ ᠭᠤᠤᠯᠳᠠᠭᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠬᠡᠮ ᠤᠨ

ᠭᠡᠷᠡᠴᠢᠯᠡᠯ᠂ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠢᠴᠢ ᠬᠥᠳᠡᠯᠮᠦᠷᠢ ᠠᠵᠢᠯ

ᠣᠯᠭᠤᠯᠲᠠ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠬᠡᠷᠡᠭᠯᠡᠨ᠎ᠡ᠃ ᠨᠠᠰᠤᠵᠢᠯ ᠤᠨ ᠠᠰᠠᠷᠠᠮᠵᠢ ᠶᠢᠨ ᠬᠢᠷᠢ

ᠬᠡᠮ ᠤᠨ ᠭᠡᠷᠡᠴᠢᠯᠡᠯ ᠬᠢᠬᠦ ᠦᠶ᠎ᠡ ᠳᠤ᠂ ᠰᠠᠭᠤᠭᠠᠯᠢ ᠠᠷᠠᠳ ᠵᠥᠪᠬᠡᠨ ᠲᠣᠰ ᠬᠥᠮᠦᠨ ᠤ ᠬᠦᠴᠦᠨ ᠪᠥᠬᠦᠶ

ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠪᠤᠶᠤ ᠨᠡᠶᠢᠭᠡᠮ ᠤᠨ ᠳᠠᠭᠠᠳᠬᠠᠯ ᠤᠨ ᠺᠠᠷᠲ ᠢᠶᠠᠨ ᠠᠪᠴᠤ᠂

ᠰᠠᠨᠠᠭᠤᠯᠤᠮᠵᠢ ᠶᠢᠨ ᠶᠣᠰᠣᠭᠠᠷ ᠬᠥᠮᠦᠨ ᠤ ᠵᠢᠰᠦ ᠪᠠᠨ ᠰᠢᠯᠵᠢᠭᠦᠯᠪᠡᠯ ᠳᠠᠷᠤᠶ ᠬᠠᠷᠠᠭᠠᠯᠵᠠᠯ ᠤᠨ ᠬᠢᠷᠢ ᠬᠡᠮ ᠤᠨ

ᠭᠡᠷᠡᠴᠢᠯᠡᠭᠡ ᠶᠢ ᠠᠮᠠᠷᠬᠠᠨ ᠪᠡᠶᠡᠯᠡᠭᠦᠯᠵᠦ ᠪᠣᠯᠤᠨ᠎ᠠ᠃ ᠪᠦᠬᠦ᠋ᠢᠯᠡ ᠶᠠᠪᠤᠴᠠ ᠶᠢ ᠵᠥᠪᠬᠡᠨ ᠬᠡᠳᠦᠨ ᠰᠧᠺᠦ᠋ᠨ᠋ᠲ

ᠬᠡᠷᠡᠭᠰᠡᠨ᠎ᠠ᠂ ᠠᠵᠢᠯᠯᠠᠭ᠎ᠠ ᠨᠢ ᠬᠢᠯᠪᠠᠷ᠂ ᠴᠠᠭ ᠨᠢ ᠣᠬᠤᠷ᠂ ᠦᠷ᠎ᠡ ᠪᠦᠲᠦᠮᠵᠢ ᠨᠢ ᠥᠨᠳᠥᠷ ᠪᠠᠶᠢᠳᠠᠭ᠃

    ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ

ᠢᠯᠡᠷᠬᠡᠶᠢᠯᠡᠬᠦ ᠳᠡᠭᠡᠨ᠂ ᠦᠢᠯᠡᠴᠢᠯᠡᠭᠡᠨ ᠤ ᠦᠵᠦᠭᠦᠷ ᠤᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂

ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠥ ᠬᠡᠷᠡᠭᠴᠡᠭᠡ ᠱᠠᠭᠠᠷᠳᠠᠯᠭ᠎ᠠ ᠲᠠᠢ ᠨᠢᠭᠲᠠ

ᠤᠶᠠᠯᠳᠤᠭᠤᠯᠤᠨ᠂ ᠣᠯᠠᠨ ᠲᠦᠮᠡᠨ ᠳᠤ ᠬᠠᠮᠤᠭ ᠤᠨ ᠶᠡᠭᠡ ᠬᠡᠮᠵᠢᠶ᠎ᠡ ᠪᠠᠷ ᠨᠠᠩ ᠳᠥᠭᠦᠮ ᠳᠥᠲᠡ᠂ ᠨᠠᠩ ᠰᠢᠯᠢᠳᠡᠭ

ᠠᠦ᠋ᠲ᠋ᠣ᠋ ᠦᠢᠯᠡᠴᠢᠯᠡᠭᠡ ᠶᠢ ᠬᠠᠩᠭᠠᠨ᠎ᠠ ᠭᠡᠵᠡᠶ᠃

 

ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ

ᠵᠣᠬᠢᠶᠠᠭᠴᠢ᠄ ᠬᠤᠸᠠᠳᠧ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ

ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ

ᠣᠷᠴᠢᠭᠤᠯᠤᠭᠴᠢ᠄ ᠭᠠᠩᠭ᠎ᠠ ᠠᠨᠵᠸᠯ    

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2