ᠡᠨᠡ ᠵᠢᠯ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠥᠬᠦ ᠰᠢᠶᠠᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠳᠡᠭᠡᠳᠦ ᠱᠠᠲᠤᠨ ᠤ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠤᠨ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠠᠮᠢᠶᠠᠷᠤᠯᠲᠠ ᠶᠢ | ᠴᠢᠩᠭ᠎ᠠ ᠵᠢᠷᠤᠮᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ | ᠭᠠᠵᠠᠷ ᠢ ᠬᠠᠮᠠᠭᠠᠯᠠᠬᠤ ᠴᠢᠩᠭ᠎ᠠ ᠲᠦᠷᠢᠮ ᠢ ᠨᠠᠶᠢᠳᠠᠪᠤᠷᠢᠵᠢᠭᠤᠯᠪᠠ᠃ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠠᠩᠬᠠᠷᠴᠤ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠯᠠᠪᠳᠠᠭᠤᠨ | ᠪᠠᠲᠤᠲᠠᠶ ᠥᠷᠨᠢᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠪᠥᠬᠦ ᠰᠢᠶᠠᠨ ᠤ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ | 45689 ᠾᠧᠺᠲ᠋ᠠᠷ ᠬᠠᠮᠠᠭᠠᠯᠠᠵᠤ᠂ ᠬᠠᠮᠠᠭᠠᠯᠠᠬᠤ ᠡᠭᠦᠷᠭᠡ ᠶᠢ ᠪᠦᠬᠦᠨ ᠢ ᠰᠢᠶᠠᠩ᠂ ᠲᠣᠰᠬᠤᠨ᠂ ᠡᠷᠦᠬᠡ ᠳᠤ | ᠬᠦᠷᠲᠡᠯ᠎ᠡ ᠵᠠᠳᠠᠯᠵᠤ᠂ ᠰᠢᠶᠠᠨ ᠬᠢᠭᠡᠳ ᠰᠢᠶᠠᠩ᠂ ᠰᠢᠶᠠᠩ ᠬᠢᠭᠡᠳ ᠲᠣᠰᠬᠤᠨ᠂ ᠲᠣᠰᠬᠤᠨ ᠬᠢᠭᠡᠳ ᠳᠤᠭᠤᠶᠢᠯᠠᠩ᠂ | ᠳᠤᠭᠤᠶᠢᠯᠠᠩ ᠬᠢᠭᠡᠳ ᠡᠷᠦᠬᠡ ᠴᠥᠮ ︽ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠᠲᠤ | ᠬᠠᠷᠢᠭᠤᠴᠠᠯᠭ᠎ᠠ ᠶᠢᠨ ᠪᠢᠴᠢᠭ︾ ᠲᠣᠭᠲᠠᠪᠠ᠃ ᠲᠠᠷᠢᠶᠠᠨ ᠭᠠᠵᠠᠷ ᠢ ᠬᠠᠮᠠᠭᠠᠯᠠᠬᠤ ᠡᠯ᠎ᠡ ᠵᠦᠢᠯ ᠤᠨ ᠠᠵᠢᠯ ᠤᠨ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠵᠠᠷ ᠬᠡᠷᠡᠭᠯᠡᠬᠦ ᠶᠢᠨ ᠵᠠᠯᠭᠠᠮᠵᠢ ᠬᠠᠮᠢᠶᠠᠷᠤᠯᠲᠠ ᠶᠢ ᠭᠦᠨᠵᠡᠭᠡᠢ | ᠥᠷᠨᠢᠭᠦᠯᠦᠨ᠂ ᠭᠠᠵᠠᠷ ᠰᠢᠷᠣᠢ ᠶᠢᠨ ᠬᠠᠤᠯᠢ ᠬᠡᠷᠡᠭᠵᠢᠭᠦᠯᠬᠦ ᠪᠠ ᠬᠥᠳᠡᠯᠦᠩᠭᠦᠢ ᠪᠠᠷ ᠲᠣᠭᠤᠷᠢᠨ ᠪᠠᠶᠢᠴᠠᠭᠠᠬᠤ ᠶᠢ | ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ︽ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ | ᠬᠥᠷᠥᠰᠥ ᠰᠢᠷᠣᠢ ᠶᠢ ᠬᠠᠮᠠᠭᠠᠯᠠᠬᠤ ᠳᠤ ᠠᠷᠭ᠎ᠠ ᠲᠠᠢ᠂ ᠬᠥᠷᠥᠰᠥ ᠰᠢᠷᠣᠢ ᠶᠢᠨ ᠦᠨᠳᠦᠰᠦ ᠪᠠᠷᠢᠮᠲᠠ ᠲᠠᠢ ᠪᠠᠶᠢᠬᠤ᠂ | ᠭᠠᠵᠠᠷ ᠬᠡᠷᠡᠭᠯᠡᠬᠦ ᠳᠤ ᠠᠰᠢᠭᠲᠠᠢ ᠪᠠᠶᠢᠬᠤ︾ ᠪᠠ ᠭᠠᠵᠠᠷ ᠰᠢᠷᠣᠢ ᠶᠢᠨ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠪᠡᠶᠡᠯᠡᠭᠦᠯᠬᠦ ᠬᠡᠷᠡᠭᠲᠡᠢ᠃ | | ᠢᠷᠡᠯᠲᠡ᠄ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠵᠣᠬᠢᠶᠠᠭᠴᠢ᠄ ᠯᠠᠨ ᠢᠦᠢ ᠱᠠᠨ | ᠣᠷᠴᠢᠭᠤᠯᠤᠭᠴᠢ᠄ ᠭᠠᠩᠭ᠎ᠠ ᠠᠨᠵᠸᠯ | |