ᠳ᠋ᠢᠶᠣᠤ ᠴᠦᠨ ᠬᠠᠶ ᠡᠪᠦᠯ ᠤᠨ ᠤᠯᠠᠷᠢᠯ ᠤᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/26

  11 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ

ᠰᠢᠶᠠᠨ ᠤ ᠳᠠᠷᠤᠭ᠎ᠠ ᠳ᠋ᠢᠶᠤᠤ ᠴᠦᠨ ᠬᠠᠶ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠳᠤ ᠭᠦᠨᠵᠡᠭᠡᠶᠢᠷᠡᠨ ᠡᠪᠦᠯ ᠤᠨ

ᠤᠯᠠᠷᠢᠯ ᠤᠨ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ᠃

    ᠳ᠋ᠢᠶᠣᠤ ᠴᠦᠨ ᠬᠠᠢ ᠲᠤᠰ ᠲᠤᠰ ᠶᠤᠸᠠᠨ ᠲᠦᠩ ᠢᠯᠴᠢ ᠶᠢᠨ ᠬᠦᠴᠦᠨ ᠤ ᠺᠣᠮᠫᠠᠨᠢ᠂ ᠳ᠋ᠧ ᠱᠧᠩ ᠶᠤᠸᠠᠨ

ᠢᠯᠴᠢ ᠶᠢᠨ ᠬᠦᠴᠦᠨ ᠤ ᠺᠣᠮᠫᠠᠨᠢ᠂ ᠰᠢᠩ ᠳ᠋ᠧ ᠢᠯᠴᠢ ᠶᠢᠨ ᠬᠦᠴᠦᠨ ᠤ ᠺᠣᠮᠫᠠᠨᠢ᠂ ᠱᠧᠨ ᠰᠢᠩ ᠢᠯᠴᠢ ᠶᠢᠨ

ᠬᠦᠴᠦᠨ ᠤ ᠺᠣᠮᠫᠠᠨᠢ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ

ᠲᠠᠯᠠᠪᠠᠢ ᠳᠤ ᠠᠵᠤ ᠠᠬᠤᠶᠢᠯᠠᠯ ᠤᠨ ᠢᠯᠴᠢ ᠬᠠᠩᠭᠠᠬᠤ ᠲᠥᠬᠦᠭᠡᠷᠦᠮᠵᠢ ᠶᠢ ᠥᠭᠡᠷᠡᠴᠢᠯᠡᠨ ᠵᠠᠰᠠᠵᠤ ᠪᠠᠶᠢᠭ᠎ᠠ

ᠪᠠᠶᠢᠳᠠᠯ ᠢ ᠪᠠᠶᠢᠴᠠᠭᠠᠨ ᠦᠵᠡᠵᠦ᠂ ᠰᠢᠲᠠᠭᠠᠯᠭ᠎ᠠ ᠶᠢᠨ ᠨᠡᠭᠦᠷᠡᠰᠦᠨ ᠤ ᠨᠥᠭᠡᠴᠡ᠂ ᠢᠯᠴᠢ ᠬᠠᠩᠭᠠᠬᠤ

ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ᠂ ᠢᠯᠴᠢ ᠬᠠᠩᠭᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠠᠶᠤᠯᠭᠦᠢ

ᠦᠢᠯᠡᠳᠪᠦᠷᠢᠯᠡᠯ ᠵᠢᠴᠢ ᠳᠤᠯᠠᠭᠠᠯᠠᠭ᠎ᠠ ᠬᠠᠩᠭᠠᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠠᠯ ᠢ

ᠨᠠᠷᠢᠨ ᠣᠶᠢᠯᠠᠭᠠᠪᠠ᠃

    ᠳ᠋ᠢᠶᠤᠤ ᠴᠦᠨ ᠬᠠᠶ ᠴᠢᠬᠤᠯᠠᠴᠢᠯᠠᠭᠰᠠᠨ ᠨᠢ᠂ ᠡᠪᠦᠯ ᠤᠨ ᠤᠯᠠᠷᠢᠯ ᠤᠨ ᠳᠤᠯᠠᠭᠠᠯᠠᠭ᠎ᠠ ᠲᠦᠭ ᠲᠦᠮᠡᠨ ᠠᠶᠢᠯ

ᠡᠷᠦᠬᠡ ᠳᠤ ᠬᠤᠯᠪᠣᠭᠳᠠᠵᠤ᠂ ᠠᠷᠠᠳ ᠣᠯᠠᠨ ᠤ ᠬᠠᠯᠠᠭᠤᠨ ᠳᠤᠯᠠᠭᠠᠨ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ

ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠡᠯ᠎ᠡ ᠬᠠᠮᠢᠶ᠎ᠠ ᠪᠦᠬᠦᠢ ᠰᠠᠯᠠᠭ᠎ᠠ

ᠮᠥᠴᠢᠷ ᠵᠢᠴᠢ ᠢᠯᠴᠢ ᠬᠠᠩᠭᠠᠬᠤ ᠠᠵᠤ ᠠᠬᠤᠶᠢᠯᠠᠯ ᠤᠳ ᠤᠯᠤᠰ ᠲᠥᠷᠥ ᠶᠢᠨ ᠵᠣᠭᠰᠣᠴᠠ ᠪᠠᠨ ᠦᠨᠡᠨᠬᠦ

ᠳᠡᠭᠡᠭᠰᠢᠯᠡᠭᠦᠯᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠪᠠᠨ

ᠲᠡᠭᠦᠯᠳᠡᠷᠵᠢᠭᠦᠯᠵᠦ᠂ ᠬᠠᠷᠢᠭᠤᠴᠠᠯᠭ᠎ᠠ ᠪᠠᠨ ᠴᠢᠩᠭᠠᠳᠬᠠᠨ ᠪᠣᠳᠠᠲᠠᠶᠢᠵᠢᠭᠤᠯᠵᠤ᠂ ᠨᠡᠭᠦᠷᠡᠰᠦ ᠬᠠᠩᠭᠠᠬᠤ ᠶᠢ ᠪᠠᠲᠤᠯᠠᠬᠤ

ᠠᠵᠤ ᠠᠬᠤᠶᠢᠯᠠᠯ ᠯᠤᠭ᠎ᠠ ᠴᠠᠭ ᠲᠤᠬᠠᠶ ᠳᠤᠨᠢ ᠨᠡᠪᠲᠡᠷᠡᠯᠴᠡᠨ ᠵᠣᠯᠭᠠᠭᠤᠯᠵᠤ᠂ ᠢᠯᠴᠢ ᠬᠠᠩᠭᠠᠬᠤ ᠳᠤ ᠬᠡᠷᠡᠭᠯᠡᠬᠦ

ᠨᠡᠭᠦᠷᠡᠰᠦᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃ ᠳᠤᠯᠠᠭᠠᠨ ᠤ ᠬᠡᠮᠵᠢᠶ᠎ᠡ᠂ ᠳᠠᠷᠤᠯᠲᠠ᠂

ᠤᠷᠤᠰᠬᠠᠯ ᠤᠨ ᠬᠡᠮᠵᠢᠶ᠎ᠡ ᠵᠡᠷᠭᠡ ᠵᠠᠩᠭᠢᠯᠠᠭ᠎ᠠ ᠶᠢᠨ ᠪᠣᠯᠵᠣᠯᠲᠤ ᠲᠤᠭ᠎ᠠ ᠶᠢ ᠴᠢᠩᠭ᠎ᠠ ᠠᠩᠬᠠᠷᠴᠤ᠂ ᠴᠠᠭ ᠲᠤᠬᠠᠶ ᠳᠤᠨᠢ

ᠬᠢᠨᠠᠨ ᠬᠡᠮᠵᠢᠬᠦ ᠪᠠ ᠲᠣᠬᠢᠷᠠᠭᠤᠯᠬᠤ ᠶᠢ ᠰᠠᠶᠢᠲᠤᠷ ᠬᠢᠵᠦ᠂ ᠢᠯᠴᠢ ᠶᠢᠨ ᠢᠷᠡᠯᠲᠡ᠂ ᠬᠤᠭᠤᠯᠠᠶ ᠶᠢᠨ ᠲᠣᠤᠷ᠂ ᠢᠯᠴᠢ

ᠰᠣᠯᠢᠯᠴᠠᠬᠤ ᠥᠷᠲᠡᠭᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠳᠦᠷ ᠲᠤᠲᠤᠮ ᠤᠨ

ᠲᠥᠬᠦᠭᠡᠷᠦᠮᠵᠢ ᠶᠢ ᠬᠠᠮᠠᠭᠠᠯᠠᠨ ᠵᠠᠰᠠᠬᠤ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠰᠠᠶᠢᠲᠤᠷ ᠠᠳᠬᠤᠵᠤ᠂

ᠲᠦᠢᠯ ᠤᠨ ᠴᠠᠭ ᠠᠭᠤᠷ ᠪᠠ ᠭᠡᠨᠡᠳᠲᠡ ᠶᠢᠨ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂

ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠡᠩᠨᠡᠭᠡ ᠶᠢ ᠪᠦᠷᠢᠨ ᠭᠦᠢᠴᠡᠳ ᠲᠣᠬᠢᠷᠠᠭᠤᠯᠵᠤ᠂ ᠢᠯᠴᠢ

ᠬᠠᠩᠭᠠᠬᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃

ᠡᠭᠦᠨ ᠤ ᠬᠠᠮᠲᠤ᠂ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠤᠯᠠᠨ ᠲᠦᠮᠡᠨ ᠤ ᠲᠤᠰᠬᠠᠭᠰᠠᠨ

ᠢᠯᠴᠢ ᠬᠠᠩᠭᠠᠬᠤ ᠲᠠᠯ᠎ᠠ ᠶᠢᠨ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠶᠢᠨ ᠬᠠᠮᠲᠤ ᠥᠨᠳᠥᠷ

ᠪᠦᠲᠦᠮᠵᠢᠲᠡᠢ ᠰᠢᠢᠳᠪᠦᠷᠢᠯᠡᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠴᠢᠨᠠᠷ

ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠪᠠᠷ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ

ᠬᠦᠷᠭᠡᠬᠦ ᠬᠡᠷᠡᠭᠲᠡᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2