ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/11/27

    ᠡᠨᠡ ᠵᠢᠯ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠰᠤᠷᠤᠯᠴᠠᠬᠤ

ᠬᠡᠯᠪᠡᠷᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠᠷ ᠲᠠᠪᠴᠠᠩ ᠪᠣᠯᠭᠠᠵᠤ᠂ ︽ᠢᠯᠠ ᠪᠣᠯᠭᠠᠵᠤ

ᠠᠳᠠᠯᠢᠳᠬᠠᠬᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ︾ ᠠᠵᠢᠯᠯᠠᠭ᠎ᠠ ᠶᠢᠨ

ᠬᠥᠮᠦᠵᠢᠯ ᠲᠠᠢ ᠤᠶᠠᠯᠳᠤᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠤᠷᠤᠯᠴᠠᠬᠤ ᠠᠭᠤᠯᠭ᠎ᠠ ᠳᠤ

ᠣᠷᠣᠭᠤᠯᠵᠤ᠂ ᠺᠠᠳ᠋ᠷ ᠠᠵᠢᠯᠲᠠᠨ ᠠᠵᠢᠯᠴᠢᠨ ᠤ ᠦᠵᠡᠯ ᠰᠠᠨᠠᠭᠠᠨ ᠤ ᠬᠥᠮᠦᠵᠢᠯ ᠪᠠ ᠣᠨᠣᠯ ᠤᠨ ᠰᠤᠷᠤᠯᠴᠠᠯᠭ᠎ᠠ ᠶᠢᠨ

ᠠᠵᠢᠯ ᠢ ᠦᠨᠡᠨᠬᠦ ᠰᠠᠶᠢᠲᠤᠷ ᠠᠳᠬᠤᠵᠠᠶ᠃

    ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢᠨ

ᠲᠦᠷᠢᠮ ᠢ ᠲᠣᠭᠲᠠᠭᠠᠵᠤ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠳᠤ ᠲᠦᠷᠢᠮ ᠲᠠᠢ᠂ ᠲᠥᠯᠥᠪᠯᠡᠭᠡ ᠲᠠᠢ᠂

ᠭᠤᠣᠯ ᠰᠡᠳᠦᠪ ᠲᠠᠢ᠂ ᠲᠡᠮᠳᠡᠭᠯᠡᠯ ᠲᠠᠢ ᠪᠠᠶᠢᠬᠤ ᠬᠡᠷᠡᠭᠲᠡᠢ᠃ ᠺᠠᠳ᠋ᠷ ᠠᠵᠢᠯᠳᠠᠨ ᠠᠵᠢᠯᠴᠢᠨ ᠤ ᠤᠯᠤᠰ ᠲᠦᠷᠦ ᠶᠢᠨ

ᠤᠨᠤᠯ ᠤᠨ ᠰᠤᠷᠤᠯᠴᠠᠯᠭ᠎ᠠ ᠶᠢᠨ ᠠᠭᠤᠯᠭ᠎ᠠ ᠪᠠᠶᠠᠯᠢᠭ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠮᠠᠷᠺᠰ ᠤᠨ

ᠦᠵᠡᠯ ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ᠂ ᠨᠡᠶᠢᠭᠡᠮ

ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ

ᠪᠠᠲᠤ ᠶᠢᠨ ᠬᠥᠮᠦᠵᠢᠯ ᠪᠣᠯᠪᠠᠰᠤᠷᠠᠯ ᠢ ᠥᠷᠨᠢᠭᠦᠯᠪᠡ᠃ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠠᠯᠢ

ᠤᠯᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠢᠯᠠᠩᠭᠤᠶ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ

ᠦᠶ᠎ᠡ ᠶᠢᠨ ᠴᠢᠬᠤᠯᠠ ᠶᠠᠷᠢᠶᠠᠨ ᠤ ᠲᠤᠬᠠᠢ ᠤᠷᠢᠳ ᠬᠤᠵᠢᠳ ᠨᠠᠮ ᠤᠨ ᠡᠭᠦᠷ ᠠᠴᠠ ᠰᠤᠷᠤᠯᠴᠠᠬᠤ᠂ ᠲᠤᠰᠬᠠᠢ

ᠰᠡᠳᠦᠪ ᠢᠶᠠᠷ ᠰᠤᠳᠤᠯᠤᠨ ᠶᠠᠷᠢᠯᠴᠠᠬᠤ᠂ ᠨᠠᠮ ᠤᠨ ᠬᠢᠴᠢᠶᠡᠯ ᠣᠷᠣᠬᠤ ᠵᠡᠷᠭᠡ ᠠᠷᠭ᠎ᠠ ᠬᠡᠯᠪᠡᠷᠢ ᠶᠢ ᠠᠪᠴᠤ᠂ ᠲᠠᠬᠢᠨ

ᠳᠠᠪᠲᠠᠨ ᠰᠤᠷᠤᠯᠴᠠᠵᠤ᠂ ᠪᠣᠳᠠᠲᠠᠢ ᠰᠤᠷᠤᠯᠴᠠᠵᠤ᠂ ᠵᠣᠷᠢᠭ ᠰᠠᠨᠠᠭ᠎ᠠ ᠪᠠᠨ ᠭᠦᠨᠵᠡᠭᠡᠢ ᠣᠶᠢᠯᠠᠭᠠᠬᠤ ᠶᠢᠨ ᠬᠠᠮᠲᠤ

ᠰᠤᠷᠤᠭᠰᠠᠨ ᠢᠶᠠᠨ ᠬᠡᠷᠡᠭᠯᠡᠵᠦ᠂ ᠰᠤᠷᠤᠯᠴᠠᠬᠤ ᠪᠠ ᠠᠵᠢᠯ ᠤᠨ ᠳᠤᠮᠳᠠ ᠪᠠᠨ ᠲᠤᠭᠤᠰᠢᠯᠠᠭᠤᠯᠬᠤ ᠶᠢ ᠦᠨᠡᠨ ᠬᠦ

ᠪᠠᠲᠤᠯᠠᠪᠠ᠃ ᠺᠠᠳ᠋ᠷ ᠠᠵᠢᠯᠲᠠᠨ ᠠᠵᠢᠯᠴᠢᠨ ᠤ ᠬᠤᠪᠢ ᠬᠥᠮᠦᠨ ᠤ ᠰᠤᠷᠤᠯᠴᠠᠯᠭ᠎ᠠ ᠶᠢᠨ ᠲᠠᠩᠰᠠ ᠡᠪᠬᠡᠮᠡᠯ ᠢ

ᠪᠠᠶᠢᠭᠤᠯᠵᠤ᠂ ᠲᠤᠰᠬᠠᠶ ᠨᠠᠮ ᠤᠨ ᠡᠭᠦᠷ ᠤᠨ ᠰᠤᠷᠤᠯᠴᠠᠯᠭ᠎ᠠ ᠶᠢᠨ ᠲᠡᠮᠳᠡᠭᠯᠡᠯ ᠤᠨ ᠳᠡᠪᠲᠡᠷ ᠢ ᠳᠠᠷᠤᠮᠠᠯᠯᠠᠨ ᠵᠣᠬᠢᠶᠠᠵᠤ᠂

ᠬᠥᠮᠦᠨ ᠪᠦᠬᠦᠨ ᠨᠢᠭᠡ ᠳᠡᠪᠲᠡᠷ ᠢ ᠦᠨᠡᠨ ᠬᠦ ᠪᠠᠲᠤᠯᠠᠵᠤ᠂ ᠺᠠᠳ᠋ᠷ ᠠᠵᠢᠯᠲᠠᠨ ᠠᠵᠢᠯᠴᠢᠨ ᠤ ᠰᠤᠷᠤᠯᠴᠠᠯᠭ᠎ᠠ ᠶᠢᠨ

ᠲᠡᠮᠳᠡᠭᠯᠡᠯ᠂ ᠣᠯᠤᠯᠲᠠ ᠲᠥᠷᠥᠭᠳᠡᠯ ᠵᠡᠷᠭᠡ ᠶᠢ ᠲᠥᠪᠯᠡᠷᠡᠭᠦᠯᠦᠨ ᠡᠮᠬᠢᠯᠡᠵᠦ᠂ ᠺᠠᠳ᠋ᠷ ᠤᠨ ᠰᠤᠷᠤᠯᠴᠠᠵᠤ ᠦᠰᠦᠨ

ᠪᠤᠶᠢᠵᠢᠭᠰᠠᠨ ᠥᠩᠭᠡᠷᠡᠯᠲᠡ ᠶᠢ ᠲᠡᠮᠳᠡᠭᠯᠡᠪᠡ᠃

    ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂

ᠪᠠᠶᠢᠭᠤᠯᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ᠃

ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠲᠤᠰᠬᠠᠶ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ

ᠬᠤᠷᠠᠯᠳᠤᠭᠤᠯᠵᠤ᠂ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ

ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠭᠦᠯᠵᠦ᠂ ᠠᠷᠢᠭᠤᠨ ᠴᠢᠬᠡᠴᠢ ᠪᠠᠷ ᠵᠠᠰᠠᠭ

ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠬᠦ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ

ᠴᠢᠨᠠᠷ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠢᠯᠵᠠᠷᠠᠯ ᠢ ᠵᠠᠯᠬᠠᠭᠠᠨ ᠰᠢᠳᠬᠡᠬᠦ ᠪᠠ ᠤᠷᠢᠳᠴᠢᠯᠠᠨ ᠰᠡᠷᠭᠡᠶᠢᠯᠡᠬᠦ

ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠵᠦ᠂ ᠡᠯ᠎ᠡ ᠵᠦᠢᠯ ᠤᠨ ᠠᠵᠢᠯ ᠤᠨ ᠳᠦᠷᠢᠮ ᠢ

ᠪᠦᠷᠢᠨᠰᠢᠭᠦᠯᠦᠨ᠂ 6 ᠵᠦᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠳᠦᠷᠢᠮ ᠢᠶᠠᠷ ᠬᠠᠮᠢᠶᠠᠷᠬᠤ᠂

ᠳᠦᠷᠢᠮ ᠢᠶᠠᠷ ᠬᠥᠮᠦᠨ ᠢ ᠬᠠᠮᠢᠶᠠᠷᠬᠤ᠂ ᠳᠦᠷᠢᠮ ᠶᠣᠰᠣᠭᠠᠷ ᠠᠵᠢᠯ ᠡᠷᠬᠢᠯᠡᠬᠦ ᠶᠢ ᠪᠡᠶᠡᠯᠡᠭᠦᠯᠬᠦ ᠬᠡᠷᠡᠭᠲᠡᠶ᠃ ᠡᠷᠲᠡ ᠠᠴᠠ

ᠠᠳᠬᠤᠨ ᠪᠠᠭ᠎ᠠ ᠳᠤᠨᠢ ᠠᠳᠬᠤᠬᠤ ᠶᠢ ᠪᠠᠷᠢᠮᠲᠠᠯᠠᠵᠤ᠂ ᠪᠣᠯᠵᠣᠨ ᠶᠠᠷᠢᠯᠴᠠᠬᠤ ᠪᠠ ᠰᠡᠳᠬᠢᠯ ᠤᠨ ᠦᠭᠡ ᠪᠠᠨ

ᠶᠠᠷᠢᠯᠴᠠᠬᠤ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2