ᠨᠡᠷᠡᠲᠦ ᠲᠡᠮᠳᠡᠭ ᠢ ᠡᠭᠦᠳᠴᠦ ᠭᠡᠷᠡᠯ ᠰᠠᠴᠤᠷᠠᠩᠭᠤᠢ ᠦᠢᠯᠡᠰ ᠢ ᠲᠦᠷᠭᠡᠳᠭᠡᠵᠦ ᠠᠵᠤ ᠠᠬᠤᠶᠢᠯᠠᠯ ᠤᠨ ᠳᠡᠭᠦᠯᠢᠨ ᠨᠢᠰᠬᠦ ᠬᠤᠸᠠ ᠳ᠋ᠧ ᠰᠢᠶᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠷᠡᠲᠦ ᠲᠡᠮᠳᠡᠭ ᠤᠨ ᠪᠠᠶᠢᠭᠤᠯᠤᠯᠲᠠ ᠶᠢᠨ ᠪᠣᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/11/27

    ᠲᠥᠷᠥᠯ ᠲᠡᠮᠳᠡᠭᠵᠢᠭᠦᠯᠬᠦ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ

ᠲᠥᠷᠥᠯ ᠲᠡᠮᠳᠡᠭᠲᠦ ᠶᠢ ᠪᠦᠲᠦᠭᠡᠬᠦ᠂ ᠤᠯᠠᠮᠵᠢᠯᠠᠬᠤ ᠪᠠ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠃

11 ᠰᠠᠷ᠎ᠠ ᠶᠢᠨ 27 ᠤ ᠡᠳᠦᠷ᠂ ᠬᠤᠸᠠᠳᠧ ᠰᠢᠶᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠷᠠᠲᠤ

ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃ ᠰᠢᠶᠠᠨ ᠤ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠳ᠋ᠠᠶ ᠬᠤᠷᠠᠯ ᠳᠤ

ᠣᠷᠣᠯᠴᠠᠵᠤ ᠶᠠᠷᠢᠶ᠎ᠠ ᠲᠠᠯᠪᠢᠪᠠ᠃

    ᠪᠣᠯᠪᠠᠰᠤᠷᠠᠯ ᠢᠶᠠᠷ ᠳᠠᠮᠵᠢᠨ ᠪᠡᠭᠡᠵᠢᠩ ᠤᠨ ᠦᠢᠯᠡᠳᠪᠦᠷᠢ ᠬᠤᠳᠠᠯᠳᠤᠭᠠᠨ ᠤ ᠶᠡᠭᠡ ᠰᠤᠷᠭᠠᠭᠤᠯᠢ ᠶᠢᠨ

ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠠᠵᠤ

ᠦᠢᠯᠡᠰ ᠤᠨ ᠪᠦᠲᠦᠴᠡ ᠪᠣᠯᠤᠨ ᠠᠵᠤ ᠠᠬᠤᠢ ᠶᠢᠨ ᠬᠥᠭᠵᠢᠯᠲᠡ ᠶᠢᠨ ᠰᠤᠳᠤᠯᠭᠠᠨ ᠤ ᠲᠠᠰᠤᠭ ᠤᠨ ᠰᠤᠳᠤᠯᠤᠭᠴᠢ

ᠰᠦᠨ ᠯᠢ ᠰᠢᠨ ᠪᠣᠯᠤᠨ ᠪᠡᠭᠡᠵᠢᠩ ᠤᠨ ᠱᠠᠩ ᠫᠢᠨ ᠵᠢᠷᠤᠭ ᠲᠥᠯᠥᠪᠯᠡᠭᠡ ᠶᠢᠨ ᠪᠠᠶᠢᠭᠤᠯᠤᠮᠵᠢ ᠶᠢᠨ ᠲᠦᠷᠦᠯ

ᠲᠡᠮᠳᠡᠭ ᠤᠨ ᠲᠥᠰᠦᠪᠯᠡᠯ ᠵᠢᠴᠢ ᠪᠦᠲᠦᠭᠡᠯᠴᠢ ᠰᠡᠳᠬᠢᠮᠵᠢ ᠶᠢᠨ ᠶᠡᠷᠦᠩᠬᠡᠢ ᠬᠢᠨᠠᠭᠴᠢ ᠬᠤᠢ ᠶᠤᠸᠠᠨ ᠭᠤᠸᠠᠩ ᠢ

ᠣᠨᠴᠠᠭᠠᠶᠢᠯᠠᠨ ᠤᠷᠢᠵᠤ ᠰᠤᠷᠤᠭᠴᠢᠳ ᠤᠨ ᠬᠢᠴᠢᠶᠡᠯ ᠣᠷᠣᠬᠤ ᠵᠢᠴᠢ ᠠᠵᠤ ᠠᠬᠤᠶᠢᠯᠠᠯ ᠳᠤ ᠣᠷᠣᠵᠤ ᠵᠢᠭᠠᠨ

ᠵᠢᠯᠣᠭᠤᠳᠪᠠ᠃

    ᠬᠤᠶᠠᠷ ᠬᠢᠴᠢᠶᠡᠯᠯᠡᠬᠦ ᠪᠠᠭᠰᠢ ᠲᠣᠰ ᠲᠣᠰ ᠨᠠᠷᠠᠲᠤ ᠲᠡᠮᠳᠡᠭᠲᠦ ᠶᠢᠨ ᠰᠠᠭᠤᠷᠢ ᠲᠠᠨᠢᠯᠲᠠ᠂ ᠨᠠᠷᠠᠲᠤ ᠲᠡᠮᠳᠡᠭᠲᠦ ᠶᠢᠨ

ᠳᠦᠷᠢ ᠲᠥᠷᠬᠦ ᠶᠢ ᠱᠤᠭᠤᠬᠤ᠂ ᠨᠠᠷᠠᠲᠤ ᠲᠡᠮᠳᠡᠭᠲᠦ ᠶᠢᠨ ᠳᠠᠮᠵᠢᠭᠤᠯᠭ᠎ᠠ ᠶᠢᠨ ᠠᠷᠭ᠎ᠠ ᠪᠣᠳᠣᠯᠭ᠎ᠠ᠂ ᠨᠠᠷᠠᠲᠤ

ᠲᠡᠮᠳᠡᠭᠲᠦ ᠶᠢᠨ ᠬᠠᠮᠢᠶᠠᠷᠤᠯᠲᠠ ᠬᠢᠭᠡᠳ ᠬᠠᠮᠠᠭᠠᠯᠠᠯᠲᠠ᠂ ᠰᠢᠯᠢᠳᠡᠭ ᠬᠡᠷᠡᠭ ᠤᠨ ᠵᠢᠱᠢᠶ᠎ᠡ ᠶᠢ ᠬᠤᠪᠢᠶᠠᠯᠴᠠᠨ ᠡᠳ᠋ᠯᠡᠬᠦ

ᠵᠡᠷᠭᠡ ᠬᠡᠳᠦᠨ ᠶᠡᠭᠡ ᠬᠡᠰᠡᠭ ᠠᠴᠠ ᠰᠢᠰᠲ᠋ᠧᠮ ᠲᠠᠢ ᠲᠠᠶᠢᠯᠪᠤᠷᠢᠯᠠᠵᠤ᠂ ᠠᠵᠤ ᠠᠬᠤᠶᠢᠯᠠᠯ ᠤᠨ ᠨᠠᠷᠠᠲᠤ ᠲᠡᠮᠳᠡᠭᠲᠦ ᠶᠢᠨ

ᠪᠠᠶᠢᠭᠤᠯᠤᠯᠲᠠ ᠶᠢᠨ ᠣᠨᠣᠯᠵᠢᠬᠤᠨ᠂ ᠴᠢᠳᠠᠮᠵᠢ ᠵᠢᠴᠢ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠡᠵᠡᠩᠨᠡᠯᠲᠡ

ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠦᠵᠡᠭᠦᠯᠦᠭᠰᠡᠨ ᠴᠢᠬᠤᠯᠠ ᠦᠶ᠋ᠯᠡᠳᠦᠯ ᠢ ᠭᠦᠨᠵᠡᠭᠡᠶ ᠵᠠᠳᠠᠯᠤᠭᠰᠠᠨ ᠤ

ᠬᠠᠮᠲᠤ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠲᠠᠢ ᠲᠤᠬᠠᠶ ᠶᠢᠨ ᠲᠠᠯᠠᠪᠤᠷ ᠲᠤ ᠬᠠᠷᠢᠯᠴᠠᠨ ᠠᠰᠠᠭᠤᠯᠲᠠ

ᠬᠠᠷᠢᠭᠤᠯᠲᠠ ᠥᠭᠪᠡ᠃

    ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠤᠭᠴᠢᠳ ᠡᠨᠡ ᠤᠳᠠᠭ᠎ᠠ ᠶᠢᠨ ᠰᠤᠷᠤᠯᠴᠠᠬᠤ ᠲᠣᠬᠢᠶᠠᠯ ᠢ

ᠨᠠᠨᠳᠢᠩᠨᠠᠵᠤ᠂ ᠲᠦᠷᠦᠯ ᠲᠡᠮᠳᠡᠭ ᠤᠨ ᠪᠠᠶᠢᠭᠤᠯᠤᠯᠲᠠ ᠶᠢᠨ ᠬᠠᠮᠢᠶ᠎ᠠ ᠪᠦᠬᠦᠢ ᠮᠡᠳᠡᠯᠭᠡ ᠪᠣᠯᠤᠨ ᠤᠷ᠎ᠠ ᠴᠢᠳᠠᠪᠤᠷᠢ ᠶᠢ

ᠭᠦᠨᠵᠡᠭᠡᠢ ᠰᠤᠷᠤᠯᠴᠠᠵᠤ᠂ ᠲᠤᠰᠬᠠᠢ ᠮᠡᠷᠭᠡᠵᠢᠯ ᠤᠨ ᠬᠠᠷᠠᠭᠠᠰᠤ ᠠᠴᠠ ᠲᠤᠰ ᠪᠡᠶ᠎ᠡ ᠶᠢᠨ ᠲᠦᠷᠦᠯ ᠲᠡᠮᠳᠡᠭ ᠤᠨ

ᠪᠠᠶᠢᠭᠤᠯᠤᠯᠲᠠ ᠶᠢᠨ ᠣᠳᠣᠬᠢ ᠪᠠᠶᠢᠳᠠᠯ ᠪᠣᠯᠤᠨ ᠬᠦᠷᠦᠯᠴᠡᠬᠦ ᠦᠭᠡᠢ ᠲᠠᠯ᠎ᠠ ᠪᠠᠨ ᠬᠢᠨᠠᠨ ᠦᠵᠡᠵᠦ᠂ ᠡᠭᠦᠨ ᠤ

ᠤᠯᠠᠮ ᠢᠶᠠᠷ ᠲᠡᠷᠢᠭᠦᠨ ᠤ ᠲᠤᠷᠰᠢᠯᠭ᠎ᠠ ᠪᠣᠯᠤᠨ ᠣᠶᠢᠯᠠᠭᠠᠭᠳᠠᠬᠤᠨ ᠢᠶᠠᠷ ᠲᠤᠯᠢ ᠪᠣᠯᠭᠠᠵᠤ᠂ ᠪᠣᠯᠪᠠᠰᠤᠷᠠᠯ ᠢ ᠠᠵᠤ

ᠠᠬᠤᠶᠢᠯᠠᠯ ᠤᠨ ᠬᠠᠮᠢᠶᠠᠷᠤᠯᠲᠠ ᠪᠣᠯᠤᠨ ᠬᠥᠭᠵᠢᠯᠲᠡ ᠳᠤ ᠬᠡᠷᠡᠭᠯᠡᠵᠦ᠂ ᠬᠦᠴᠦ ᠪᠠᠨ ᠬᠠᠮᠲᠤᠳᠬᠠᠨ ᠬᠤᠸᠠᠳᠧ

ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃

    ᠣᠶᠢᠯᠠᠭᠠᠭᠰᠠᠨ ᠢᠶᠠᠷ᠂ ᠲᠤᠰ ᠤᠳᠠᠭᠠᠨ ᠤ ᠪᠣᠯᠪᠠᠰᠤᠷᠠᠯ ᠨᠢ 3 ᠡᠳᠦᠷ ᠶᠠᠪᠤᠭᠳᠠᠵᠤ᠂ ᠳ᠋ᠦᠩ ᠴᠧᠩ

ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠬᠤᠸᠠᠳᠧ ᠰᠢᠶᠠᠨ ᠤ ᠦᠢᠯᠡᠳᠪᠦᠷᠢ

ᠬᠤᠳᠠᠯᠳᠤᠭᠠᠨ ᠤ ᠬᠤᠯᠪᠣᠭ᠎ᠠ ᠬᠠᠮᠲᠤᠪᠠᠷ ᠭᠤᠣᠯᠯᠠᠨ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ

ᠹᠷᠣᠨᠲ ᠤᠨ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠰᠢᠨᠵᠢᠯᠡᠬᠦ ᠤᠬᠠᠭᠠᠨ

ᠮᠡᠷᠭᠡᠵᠢᠯ ᠤᠨ ᠨᠡᠶᠢᠭᠡᠮᠯᠢᠭ᠂ ᠡᠮᠡᠭᠲᠡᠶᠢᠴᠦᠳ ᠤᠨ ᠬᠤᠯᠪᠣᠭ᠎ᠠ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂

ᠰᠢᠶᠠᠨ ᠤ ᠬᠤᠪᠴᠠᠰᠤᠨ ᠤ ᠨᠡᠶᠢᠭᠡᠮᠯᠢᠭ ᠬᠠᠮᠵᠢᠯᠴᠠᠨ ᠡᠷᠬᠢᠯᠡᠵᠦ᠂ ᠪᠡᠭᠡᠵᠢᠩ ᠬᠤᠳᠠ ᠶᠢᠨ ᠳ᠋ᠦᠩ ᠴᠧᠩ

ᠲᠣᠭᠤᠷᠢᠭ ᠤᠨ ᠠᠵᠤ ᠠᠬᠤᠶᠢᠯᠠᠯ ᠤᠨ ᠠᠵᠢᠯ ᠲᠦᠷᠦᠯ ᠤᠨ ᠨᠡᠶᠢᠭᠡᠮᠯᠢᠭ ᠳᠠᠭᠠᠭᠠᠴᠢᠯᠠᠨ ᠡᠷᠬᠢᠯᠡᠪᠡ᠃

    ᠪᠡᠭᠡᠵᠢᠩ ᠬᠤᠳᠠ ᠶᠢᠨ ᠳ᠋ᠦᠩ ᠴᠧᠩ ᠲᠣᠭᠤᠷᠢᠭ ᠤᠨ ᠠᠵᠤ ᠠᠬᠤᠶᠢᠯᠠᠯ ᠤᠨ ᠠᠵᠢᠯ ᠲᠦᠷᠦᠯ ᠤᠨ

ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠰᠦᠨ ᠯᠢ ᠰᠢᠨ ᠣᠷᠣᠯᠴᠠᠪᠠ᠃ ᠰᠢᠶᠠᠨ ᠤ ᠬᠠᠮᠢᠶ᠎ᠠ ᠪᠦᠬᠦᠢ ᠰᠠᠯᠠᠭ᠎ᠠ

ᠮᠥᠴᠢᠷ ᠤᠨ ᠬᠠᠷᠢᠭᠤᠴᠠᠯᠭᠠᠲᠠᠨ᠂ ᠬᠤᠪᠴᠠᠰᠤ ᠬᠤᠨᠠᠷ ᠤᠨ ᠬᠡᠰᠡᠭ ᠠᠵᠢᠯ ᠲᠥᠷᠥᠯ᠂ ᠲᠠᠷᠢᠶᠠᠯᠠᠩ ᠮᠠᠯ ᠠᠵᠤ

ᠠᠬᠤᠶ ᠳᠤ ᠬᠤᠯᠪᠣᠭᠳᠠᠬᠤ ᠠᠵᠢᠯ ᠲᠥᠷᠥᠯ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠠᠷᠢᠭᠤᠴᠠᠯᠭᠠᠲᠠᠨ

ᠪᠣᠯᠪᠠᠰᠤᠷᠠᠯ ᠳᠤ ᠣᠷᠣᠯᠴᠠᠪᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2