ᠬᠤᠸᠠᠳᠧ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠷᠢᠶ᠎ᠠ ᠣᠷᠣᠨ ᠤ ᠵᠠᠮ ᠤᠨ ᠬᠤᠷᠠᠭᠰᠠᠨ ᠴᠠᠰᠤ ᠶᠢ ᠴᠡᠪᠡᠷᠯᠡᠵᠦ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2024/11/28

   ᠣᠶᠢᠷ᠎ᠠ ᠳᠤ᠂ ᠬᠤᠸᠠᠳᠧ ᠰᠢᠶᠠᠨ ᠵᠠᠯᠭᠠᠭ᠎ᠠ ᠪᠠᠷ ᠶᠡᠭᠡ ᠬᠡᠪᠴᠢᠶᠡᠨ ᠤ ᠴᠠᠰᠤ ᠣᠷᠣᠬᠤ ᠠᠭᠤᠷ ᠠᠮᠢᠰᠬᠤᠯ ᠢ

ᠤᠭᠲᠤᠨ ᠠᠪᠴᠢᠷᠠᠵᠤ᠂ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠪᠠ ᠶᠠᠪᠤᠵᠤ ᠰᠠᠭᠤᠬᠤ ᠳᠤ ᠲᠦᠢᠯ ᠤᠨ

ᠳᠥᠭᠦᠮ ᠦᠭᠡᠢ ᠪᠣᠯᠪᠠ᠃ ᠴᠠᠰᠤ ᠣᠷᠣᠬᠤ ᠶᠠᠪᠤᠴᠠ ᠶᠢ ᠳᠠᠭᠠᠯᠳᠤᠨ᠂ ᠴᠠᠰᠤ ᠲᠠᠰᠤᠷᠠᠯᠲᠠ ᠦᠭᠡᠶ ᠬᠤᠷᠠᠮᠳᠤᠵᠤ᠂ ᠵᠠᠮ

ᠬᠠᠷᠢᠯᠴᠠᠭᠠᠨ ᠤ ᠠᠳᠡᠯ ᠭᠠᠷᠬᠤ ᠲᠦᠭᠰᠢᠭᠦᠷᠢ ᠶᠢ ᠨᠡᠮᠡᠭᠳᠡᠭᠦᠯᠦᠭᠰᠡᠨ ᠦᠭᠡᠢ᠃

1732881117887039057.jpg

   

1732881118095056322.jpg

    ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠢᠶᠠᠨ ᠤ ᠵᠠᠮ

ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠡᠷᠡ ᠳᠠᠷᠤᠶ ᠳᠤᠨᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ

ᠲᠥᠰᠦᠯ ᠢᠶᠠᠨ ᠡᠬᠢᠯᠡᠭᠦᠯᠵᠦ᠂ ᠴᠠᠰᠤ ᠠᠷᠢᠯᠭᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠴᠠᠰᠤ ᠠᠷᠢᠯᠭᠠᠬᠤ ᠡᠯ᠎ᠡ

ᠵᠦᠢᠯ ᠤᠨ ᠲᠥᠬᠦᠭᠡᠷᠦᠮᠵᠢ ᠪᠠᠨ ᠠᠪᠴᠤ᠂ ᠥᠨᠳᠥᠷ ᠬᠤᠷᠳᠤᠴᠠᠲᠤ ᠵᠠᠮ ᠳᠡᠭᠡᠷᠡᠬᠢ ᠬᠤᠷᠠᠭᠰᠠᠨ ᠴᠠᠰᠤ ᠶᠢ ᠴᠡᠪᠡᠷᠯᠡᠬᠦ

ᠠᠵᠢᠯ ᠳᠤ ᠦᠳᠲᠡᠷ ᠲᠦᠷᠭᠡᠨ ᠣᠷᠣᠯᠴᠠᠪᠠ᠃ ᠴᠡᠪᠡᠷᠯᠡᠬᠦ ᠶᠠᠪᠤᠴᠠ ᠳᠤ᠂ ᠰᠢᠶᠠᠨ ᠤ ᠵᠠᠮ ᠬᠠᠷᠢᠯᠴᠠᠭᠠᠨ ᠤ

ᠬᠠᠮᠢᠶᠠᠷᠤᠯᠲᠠ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠨᠠᠷ ᠬᠠᠬᠢᠷ ᠬᠦᠢᠳᠡᠨ ᠠᠴᠠ ᠠᠶᠤᠬᠤ ᠦᠭᠡᠢ᠂ ᠴᠠᠰᠤ

ᠠᠷᠢᠯᠭᠠᠬᠤ᠂ ᠴᠠᠰᠤ ᠬᠠᠶᠢᠯᠤᠭᠤᠯᠬᠤ ᠡᠳ᠋ ᠰᠠᠴᠤᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠲᠦᠷᠭᠡᠨ ᠳᠠᠪᠬᠢᠬᠤ

ᠵᠠᠰᠠᠮᠠᠯ ᠵᠠᠮ ᠳᠡᠭᠡᠷᠡᠬᠢ ᠬᠤᠷᠠᠭᠰᠠᠨ ᠴᠠᠰᠤ ᠶᠢ ᠴᠢᠷᠮᠠᠶᠢᠨ ᠠᠷᠢᠯᠭᠠᠵᠤ᠂ ᠭᠤᠣᠯ ᠪᠣᠯᠬᠤ ᠵᠠᠮ ᠬᠠᠷᠢᠯᠴᠠᠭᠠᠨ ᠤ ᠭᠤᠣᠯ

ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠤᠯᠠᠨ ᠲᠦᠮᠡᠨ ᠤ ᠠᠮᠤᠷ ᠲᠦᠪᠰᠢᠨ ᠢᠶᠠᠷ ᠭᠠᠳᠠᠭᠰᠢ

ᠭᠠᠷᠬᠤ ᠶᠢ ᠪᠠᠲᠤᠯᠠᠪᠠ᠃

1732881118157077109.jpg

    ᠲᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ

ᠵᠠᠮ ᠬᠠᠷᠢᠯᠴᠠᠭᠠᠨ ᠤ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠠᠮᠤᠷ ᠲᠦᠪᠰᠢᠨ ᠢᠶᠠᠷ

ᠭᠠᠳᠠᠭᠰᠢ ᠭᠠᠷᠬᠤ ᠶᠢ ᠪᠠᠲᠤᠯᠠᠨ᠎ᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2