ᠳ᠋ᠢᠶᠣᠣ ᠴᠦᠨ ᠬᠠᠢ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/28

    ᠲᠦᠷᠦᠭᠦᠬᠡᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ ᠣᠷᠳᠣᠨ ᠤ ᠳᠠᠷᠤᠭ᠎ᠠ

ᠳ᠋ᠢᠶᠤᠤ ᠴᠦᠨ ᠬᠠᠶ ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠱᠸᠦ ᠷᠦᠩ ᠬᠤᠪᠢ ᠡᠵᠡᠮᠳᠡᠭᠰᠡᠨ ᠠᠮᠢ ᠠᠬᠤᠶ ᠶᠢᠨ

ᠪᠦᠯᠦᠭᠯᠡᠯ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠵᠥᠩ ᠺᠧ ᠤᠶᠤᠨᠲᠤ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ

ᠺᠣᠮᠫᠠᠨᠢ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠭᠰᠠᠨ ᠪᠥᠭᠡᠳ ᠲᠥᠷᠥᠯ ᠵᠦᠢᠯ ᠤᠨ ᠰᠣᠯᠢᠯᠴᠠᠭ᠎ᠠ

ᠵᠥᠪᠳᠡᠯᠴᠡᠬᠡᠷ ᠤᠨ ᠬᠤᠷᠠᠯ ᠬᠢᠪᠠ᠃

    ᠬᠤᠷᠠᠯ ᠳᠡᠭᠡᠷ᠎ᠡ᠂ ᠵᠦᠩ ᠺᠧ ᠣᠶᠤᠨᠴᠢ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ

ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠤᠰ ᠺᠣᠮᠫᠠᠨᠢ ᠨᠢ 2016 ᠣᠨ ᠳᠤ ᠪᠠᠶᠢᠭᠤᠯᠤᠭᠳᠠᠵᠤ᠂ ᠭᠤᠣᠯᠳᠠᠭᠤ

ᠢᠳᠡᠭᠡᠨ ᠪᠣᠷᠣᠯᠠᠭᠤᠯᠬᠤ᠂ ᠲᠤᠰᠬᠠᠢ ᠠᠰᠢᠭ ᠢ ᠣᠷᠣᠯᠠᠨ ᠭᠦᠢᠴᠡᠳᠬᠡᠬᠦ᠂ ᠭᠡᠷᠡᠴᠢᠯᠡᠯ ᠤᠨ ᠦᠢᠯᠡᠴᠢᠯᠡᠭᠡ᠂ ᠲᠠᠷᠢᠶᠠᠯᠠᠩ ᠤᠨ

ᠮᠡᠷᠭᠡᠵᠢᠯ ᠢ ᠳᠡᠯᠭᠡᠷᠡᠭᠦᠯᠬᠦ᠂ ᠲᠠᠷᠢᠶᠠᠯᠠᠩ ᠤᠨ ᠮᠠᠰᠢᠨ ᠲᠥᠬᠦᠭᠡᠷᠦᠮᠵᠢ᠂ ᠲᠠᠷᠢᠶᠠᠯᠠᠩ ᠤᠨ ᠮᠡᠷᠭᠡᠵᠢᠯ ᠢ ᠨᠡᠭᠡᠭᠡᠨ ᠬᠥᠭᠵᠢᠭᠦᠯᠬᠦ᠂

ᠮᠡᠷᠭᠡᠵᠢᠯ ᠤᠨ ᠪᠠᠶᠢᠴᠠᠭᠠᠨ ᠬᠡᠮᠵᠢᠯᠲᠡ ᠵᠡᠷᠭᠡ ᠲᠠᠯ᠎ᠠ ᠶᠢᠨ ᠲᠤᠬᠠᠶᠢᠯᠠᠭᠰᠠᠨ ᠠᠵᠢᠯ ᠢ ᠡᠷᠬᠢᠯᠡᠨ᠎ᠡ᠃

    ᠳ᠋ᠢᠶᠤᠤ ᠴᠦᠨ ᠬᠠᠶ ᠢᠯᠡᠷᠬᠡᠶᠢᠯᠡᠬᠦ ᠳᠡᠭᠡᠨ᠂ ᠲᠠᠷᠢᠶᠠᠯᠠᠩ ᠤᠨ ᠠᠵᠤ ᠦᠢᠯᠡᠰ ᠨᠢ ᠬᠤᠸᠠᠳᠧ ᠰᠢᠶᠠᠨ ᠤ ᠲᠤᠯᠭᠠᠭᠤᠷᠢ

ᠠᠵᠤ ᠦᠢᠯᠡᠰ ᠤᠨ ᠨᠢᠭᠡ ᠪᠣᠯᠤᠭᠰᠠᠨ ᠤ ᠬᠤᠪᠢ ᠳᠤ᠂ ᠲᠣᠰ ᠤᠳᠠᠭᠠᠨ ᠤ ᠰᠣᠯᠢᠯᠴᠠᠭ᠎ᠠ ᠬᠡᠯᠡᠯᠴᠡᠭᠡ ᠪᠠᠷ ᠠᠵᠠ ᠲᠣᠬᠢᠶᠠᠯ

ᠪᠣᠯᠭᠠᠵᠤ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠳᠥᠯᠭᠢᠨ ᠠᠬᠢᠭᠤᠯᠵᠤ᠂ ᠬᠠᠮᠲᠤᠷᠠᠯᠴᠠᠭᠠᠨ ᠤ ᠭᠦᠨᠴᠡ ᠪᠠ

ᠥᠷᠭᠡᠴᠡ ᠪᠠᠨ ᠲᠠᠰᠤᠷᠠᠯᠲᠠ ᠥᠬᠡᠶ ᠥᠷᠭᠡᠳᠬᠡᠵᠦ᠂ ᠬᠠᠮᠲᠤᠷᠠᠯᠴᠠᠭᠠᠨ ᠤ ᠮᠣᠳᠣ ᠶᠢ ᠨᠠᠩ ᠣᠯᠠᠨ ᠦᠷ᠎ᠡ ᠪᠦᠲᠦᠭᠡᠯ

ᠭᠠᠷᠭᠠᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠡᠶ᠃ ᠬᠤᠸᠠᠳᠧ ᠰᠢᠶᠠᠨ ᠡᠯ᠎ᠡ ᠵᠦᠢᠯ ᠤᠨ ᠦᠢᠯᠡᠴᠢᠯᠡᠭᠡᠨ ᠤ

ᠪᠠᠲᠤᠯᠠᠭ᠎ᠠ ᠶᠢ ᠰᠡᠳᠬᠢᠯ ᠲᠠᠯᠪᠢᠨ ᠰᠠᠶᠢᠲᠤᠷ ᠬᠢᠵᠦ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠰᠠᠶᠢᠲᠤᠷ

ᠨᠠᠶᠢᠳᠠᠪᠤᠷᠢᠵᠢᠭᠤᠯᠵᠤ᠂ ᠲᠥᠯᠥᠪᠵᠢᠭᠦᠯᠦᠭᠰᠡᠨ ᠲᠦᠷᠦᠯ ᠵᠦᠢᠯ ᠢ ᠰᠠᠶᠢᠲᠤᠷ ᠠᠬᠢᠭᠤᠯᠵᠤ᠂ ᠬᠠᠮᠲᠤᠷᠠᠯᠴᠠᠭ᠎ᠠ ᠳᠤ ᠦᠨᠡᠨ

ᠪᠣᠳᠠᠲᠠᠢ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ ᠡᠭᠦᠨ ᠤ ᠬᠠᠮᠲᠤ᠂ ᠠᠵᠤ ᠠᠬᠤᠶᠢᠯᠠᠯ ᠤᠨ

ᠲᠠᠯ᠎ᠠ ᠶᠢᠨ ᠬᠢᠨ ᠬᠤᠸᠠᠳᠧ ᠰᠢᠶᠠᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠠᠮᠲᠤᠷᠠᠯᠴᠠᠭ᠎ᠠ

ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤᠪᠠᠷ ᠵᠥᠪᠯᠡᠵᠦ᠂ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠬᠠᠮᠲᠤᠪᠠᠷ

ᠵᠢᠷᠤᠭᠯᠠᠬᠤ ᠶᠢ ᠬᠦᠰᠡᠵᠦ ᠪᠠᠶᠢᠨ᠎ᠠ ᠭᠡᠪᠡ᠃

1732015478606002938.jpg

    ᠣᠶᠢᠯᠠᠭᠠᠭᠰᠠᠨ ᠢᠶᠠᠷ᠂ ᠱᠸᠦ ᠷᠦᠩ ᠬᠤᠪᠢ ᠡᠵᠡᠮᠳᠡᠭᠰᠡᠨ ᠪᠦᠯᠦᠭᠯᠡᠯ ᠤᠨ ᠠᠮᠢ ᠠᠬᠤᠶ ᠶᠢᠨ ᠠᠵᠤ ᠦᠢᠯᠡᠰ ᠤᠨ

ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠢᠶᠠᠷ

ᠵᠥᠪᠰᠢᠶᠡᠷᠡᠭᠦᠯᠦᠨ ᠪᠠᠶᠢᠭᠤᠯᠤᠭᠰᠠᠨ ᠤᠯᠤᠰ ᠤᠨ ᠲᠠᠰ ᠤᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ

ᠮᠥᠩᠭᠦ ᠶᠢᠨ ︽ᠳᠤᠮᠳᠠᠳᠤ ᠤᠯᠤᠰ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ

ᠮᠥᠩᠭᠦ︾ ᠶᠢᠨ ᠬᠤᠪᠢ ᠡᠵᠡᠮᠳᠡᠭᠰᠡᠨ ᠪᠦᠯᠥᠭᠯᠡᠯ ᠤᠨ ᠬᠡᠯᠪᠡᠷᠢᠲᠦ ᠺᠣᠮᠫᠠᠨᠢ ᠮᠥᠨ᠂ ᠶᠡᠷᠦᠩᠬᠡᠶ ᠬᠡᠯᠲᠡᠰ ᠨᠢ ᠤᠤᠯ ᠨᠢ

ᠳᠤᠮᠳᠠᠳᠤ ᠤᠯᠤᠰ ᠤᠨ ᠥᠭᠡᠷᠡᠴᠢᠯᠡᠯᠲᠡ ᠶᠢᠨ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠮᠥᠨ᠃

ᠠᠩᠬᠠᠨ ᠤ ᠬᠠᠮ ᠠᠮᠢ ᠠᠬᠤᠢ ᠪᠣᠯ ᠠᠵᠤ ᠦᠢᠯᠡᠰ ᠤᠨ ᠡᠵᠡᠩᠨᠡᠯᠲᠡ ᠶᠢᠨ ᠬᠡᠰᠡᠭ ᠤᠨ ᠴᠢᠬᠤᠯᠠ ᠬᠡᠷᠡᠭᠵᠢᠭᠦᠯᠬᠦ ᠭᠤᠣᠯ

ᠴᠣᠭᠴᠠ ᠮᠥᠨ᠂ ᠣᠷᠣᠨ ᠨᠤᠲᠤᠭ ᠤᠨ ᠤᠨᠴᠠᠯᠢᠭᠳᠤ ᠠᠵᠤ ᠦᠢᠯᠡᠰ ᠲᠤ ᠭᠤᠣᠯᠳᠠᠯᠭ᠎ᠠ ᠲᠠᠢ ᠦᠢᠯᠡᠴᠢᠯᠡᠬᠦ ᠪᠣᠬᠢᠷᠲᠤᠯ

ᠦᠭᠡᠢ ᠬᠥᠭᠵᠢᠯᠲᠡ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ᠂ ᠠᠵᠤ ᠦᠢᠯᠡᠰ ᠤᠨ ᠬᠡᠯᠬᠢᠶ᠎ᠡ ᠶᠢᠨ ᠲᠡᠰ

ᠳᠡᠪᠰᠢᠯᠲᠡ᠂ ᠠᠳᠠᠯᠢ ᠪᠤᠰᠤ ᠣᠷᠣᠨ ᠨᠤᠲᠤᠭ ᠤᠨ ᠤᠨᠴᠠᠯᠢᠭᠳᠤ ᠠᠵᠤ ᠦᠢᠯᠡᠰ ᠤᠨ ᠲᠥᠪᠯᠡᠷᠡᠭᠰᠡᠨ ᠣᠷᠣᠨ ᠳᠤ

ᠴᠢᠭᠯᠡᠭᠦᠯᠦᠨ᠂ ᠨᠢᠭᠡᠳᠦᠯᠲᠡᠢ ᠲᠥᠯᠥᠪᠵᠢᠭᠦᠯᠵᠦ᠂ ᠠᠯᠬᠤᠮ ᠬᠤᠪᠢᠶᠠᠨ ᠬᠡᠷᠡᠭᠵᠢᠭᠦᠯᠦᠨ᠎ᠡ᠃

    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ

ᠷᠦᠩ ᠬᠤᠸᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠨ

ᠸᠧᠨ ᠪᠥᠸᠧ᠂ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠭᠤᠣᠯ ᠬᠠᠷᠢᠭᠤᠴᠠᠯᠭᠠᠲᠠᠨ ᠲᠤᠰ

ᠤᠳᠠᠭᠠᠨ ᠤ ᠠᠵᠢᠯᠯᠠᠭ᠎ᠠ ᠳᠤ ᠣᠷᠣᠯᠴᠠᠪᠠ᠃ 

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠭᠠᠩᠭ᠎ᠠ ᠠᠨᠵᠸᠯ     

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2