ᠴᠠᠩᠱᠦ᠋ᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/11/29

    ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ

ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ

ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ

ᠪᠠᠲᠤᠳᠬᠠᠬᠤ ᠶᠢᠨ ᠲᠥᠯᠥᠭᠡ ᠶᠤᠮ᠃ 11 ᠰᠠᠷ᠎ᠠ ᠶᠢᠨ 27 ᠤ ᠡᠳᠦᠷ᠂ ᠴᠠᠩᠱᠦ᠋ᠨ ᠪᠠᠯᠭᠠᠰᠤ ᠨᠠᠮ ᠤᠨ ᠬᠤᠷᠢᠶᠠᠨ ᠤ

ᠱᠦᠵᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ

ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃

1732880392157098661.jpg

    ᠨᠠᠮ ᠤᠨ ᠬᠢᠴᠢᠶᠡᠯ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤᠳᠬᠠᠬᠤ︾ ᠡᠨᠡᠬᠦ ᠴᠢᠬᠤᠯᠠ ᠭᠤᠣᠯ ᠱᠤᠭᠤᠮ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠠᠴᠢ ᠬᠤᠯᠪᠣᠭᠳᠠᠯ ᠵᠢᠴᠢ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠪᠠᠬᠢ ᠪᠤᠢ ᠪᠣᠯᠭᠠᠬᠤ ᠵᠡᠷᠭᠡ ᠭᠤᠷᠪᠠᠨ ᠲᠠᠯ᠎ᠠ ᠠᠴᠠ

ᠲᠣᠳᠣᠷᠬᠠᠶᠢᠯᠠᠨ ᠲᠠᠶᠢᠯᠪᠤᠷᠢᠯᠠᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠵᠢᠷᠭᠠᠯ

ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠦᠬᠦᠵᠦ

ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ

ᠪᠠᠲᠤ ᠪᠤᠢ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢᠨ᠎ᠡ ᠴᠠᠭ ᠦᠶ᠎ᠡ ᠶᠢᠨ ᠨᠠᠮ ᠤᠨ

ᠦᠨᠳᠦᠰᠦᠲᠡᠨ ᠤ ᠠᠵᠢᠯ ᠳᠤ ᠦᠨᠡᠨᠬᠦ ᠨᠢᠭᠡᠳᠬᠡᠬᠦ ᠬᠡᠷᠡᠭᠲᠡᠢ᠃

    ᠲᠥᠪᠯᠡᠷᠡᠭᠦᠯᠦᠨ ᠰᠤᠷᠤᠯᠴᠠᠬᠤ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠲᠤ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ

ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠨᠡᠩ ᠴᠤ ᠳᠤᠮᠳᠠᠳᠤ ᠶᠢᠨ ᠦᠨᠳᠦᠰᠦᠲᠡᠨ ᠤ

ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠭᠦᠨᠵᠡᠭᠡᠢ

ᠲᠠᠨᠢᠭᠤᠯᠬᠤ ᠬᠡᠷᠡᠭᠲᠡᠢ᠃ ᠡᠭᠦᠨ ᠤ ᠬᠠᠮᠲᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ

ᠬᠤᠶᠢᠰᠢᠳᠠ ᠶᠢᠨ ᠠᠵᠢᠯ ᠤᠨ ᠳᠤᠮᠳᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ

ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ

ᠡᠭᠦᠳᠦᠨ ᠪᠠᠶᠢᠭᠤᠯᠬᠤ ᠠᠵᠢᠯ ᠢ ᠶᠡᠬᠡᠪᠡᠷ ᠠᠬᠢᠭᠤᠯᠵᠤ᠂ ᠬᠠᠷᠢᠶ᠎ᠠ ᠣᠷᠣᠨ ᠤ ᠪᠠᠨ ᠦᠨᠳᠦᠰᠦᠲᠡᠨ ᠨᠦᠭᠦᠳ ᠤᠨ ᠤᠯᠠᠨ

ᠲᠦᠮᠡᠨ ᠳᠤ ᠢᠳᠡᠪᠬᠢᠲᠡᠢ ᠪᠠᠷ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠠᠷᠢᠶ᠎ᠠ

ᠣᠷᠣᠨ ᠤ ᠪᠠᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠷᠮᠠᠶᠢᠨ ᠠᠬᠢᠭᠤᠯᠬᠤ

ᠬᠡᠷᠡᠭᠲᠡᠢ᠃

    ᠳᠠᠷᠠᠭᠠᠴᠢ ᠶᠢᠨ ᠠᠯᠬᠤᠮ ᠳᠤ᠂ ᠲᠤᠰ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂

ᠤᠯᠠᠨ ᠬᠡᠯᠪᠡᠷᠢ ᠶᠢᠨ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂

ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠤᠭᠤᠷᠣᠨᠳᠣᠬᠢ ᠰᠣᠯᠢᠯᠴᠠᠭ᠎ᠠ ᠶᠢ ᠤᠯᠠᠮ ᠴᠢᠨᠠᠭᠰᠢᠳᠠ

ᠭᠦᠨᠵᠡᠭᠡᠶᠢᠷᠡᠭᠦᠯᠵᠦ᠂ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠤᠭ ᠪᠠᠳᠠᠷᠠᠩᠭᠤᠢ

ᠡᠷᠡᠯᠬᠡᠭᠯᠡᠨ ᠤᠷᠤᠭᠰᠢᠯᠠᠬᠤ ᠳᠦᠷᠰᠦ ᠪᠠᠶᠢᠳᠠᠯ ᠢᠶᠠᠷ ᠥᠪᠥᠷ ᠮᠣᠩᠭᠤᠯ ᠤᠨ ︽ᠲᠠᠪᠤᠨ ᠶᠡᠭᠡ ᠡᠭᠦᠷᠭᠡ︾ ᠶᠢ

ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ

ᠬᠦᠴᠦᠨ ᠴᠢᠳᠠᠯ ᠢᠶᠠᠨ ᠡᠷᠭᠦᠵᠦ᠂ ᠷᠢᠳᠢ ᠰᠢᠳᠢ ᠶᠢ ᠰᠢᠨ᠎ᠡ ᠴᠠᠭ ᠦᠶ᠎ᠡ ᠶᠢᠨ ᠠᠤᠭ᠎ᠠ ᠵᠢᠷᠤᠭ ᠲᠥᠯᠥᠪᠯᠡᠭᠡ ᠶᠢ

ᠬᠠᠮᠲᠤᠪᠠᠷ ᠵᠢᠷᠤᠭᠯᠠᠬᠤ ᠪᠣᠯᠤᠨ᠎ᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2