ᠬᠤᠸᠠᠳᠧ ᠰᠢᠶᠠᠨ 2024 ᠣᠨ ᠤ ᠪᠦᠬᠦ ᠰᠢᠶᠠᠨ ᠤ ᠤᠳᠤᠷᠢᠳᠬᠤ ᠺᠠᠳ᠋ᠷ ᠤᠨ ᠶᠠᠷᠢᠶᠠᠨ ᠤ ᠲᠠᠩᠬᠢᠮ ᠵᠢᠴᠢ ᠬᠠᠤᠯᠢᠵᠢᠯ ᠤᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2024/11/29

  ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂

ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠪᠰᠢᠨ ᠢ ᠤᠯᠠᠮ ᠨᠢᠭᠡ ᠠᠯᠬᠤᠮ

ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 29 ᠤ ᠡᠳᠦᠷ᠂ ᠬᠤᠸᠠᠳᠧ ᠰᠢᠶᠠᠨ 2024 ᠣᠨ ᠤ ᠪᠥᠬᠦ

ᠰᠢᠶᠠᠨ ᠤ ᠤᠳᠤᠷᠢᠳᠬᠤ ᠺᠠᠳ᠋ᠷᠴᠤᠳ ᠤᠨ ᠶᠠᠷᠢᠶᠠᠨ ᠤ ᠲᠠᠩᠬᠢᠮ ᠵᠢᠴᠢ ᠬᠠᠤᠯᠢᠵᠢᠯ ᠤᠨ ᠪᠠᠶᠢᠭᠤᠯᠤᠯᠲᠠ ᠶᠢᠨ ᠲᠤᠰᠬᠠᠶ

ᠰᠡᠳᠦᠪᠲᠦ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ

ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠢᠦᠶ ᠱᠧᠩ ᠬᠤᠷᠠᠯ ᠡᠷᠭᠢᠯᠡᠪᠡ᠃

1732881288935017631.jpg

    ᠪᠣᠯᠪᠠᠰᠤᠷᠠᠯ ᠤᠨ ᠠᠩᠭᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ

︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠬᠠᠤᠯᠢ ᠶᠢᠨ ᠤᠬᠠᠭᠠᠨ ᠤ ᠵᠢᠭᠠᠨ ᠰᠤᠳᠤᠯᠬᠤ ᠬᠡᠯᠲᠡᠰ ᠤᠨ

ᠫᠷᠤᠹᠧᠰᠰᠤᠷ ᠮᠤᠤᠸᠠᠨ᠂ ︽ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂

ᠰᠢᠨ᠎ᠡ ᠴᠠᠭ ᠦᠶ᠎ᠡ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠳᠠᠬᠢᠨ ᠰᠢᠨ᠎ᠡ ᠳᠡᠭᠲᠡᠷ ᠲᠤ

ᠭᠠᠷᠭᠠᠬᠤ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠰᠢᠨ᠎ᠡ ᠴᠠᠭ ᠦᠶ᠎ᠡ ᠶᠢᠨ ᠬᠠᠤᠯᠢᠵᠢᠯ ᠤᠨ ᠵᠠᠰᠠᠭ ᠤᠨ

ᠣᠷᠳᠣᠨ ᠤ ᠪᠠᠶᠢᠭᠤᠯᠤᠯᠲᠠ ᠶᠢᠨ ᠬᠠᠷᠠᠯᠲᠠ ᠪᠠ ᠡᠭᠦᠷᠭᠡ ᠶᠢᠨ ᠱᠠᠭᠠᠷᠳᠠᠯᠭ᠎ᠠ᠂ ᠦᠶ᠋ᠯᠡᠳᠦᠯᠭᠡ ᠶᠢᠨ ᠳᠤᠮᠳᠠᠬᠢ

ᠲᠥᠭᠡᠷᠢᠭᠳᠡᠯ ᠪᠠ ᠠᠰᠠᠭᠤᠳᠠᠯ ᠵᠢᠴᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠳᠠᠬᠢᠨ ᠰᠢᠨ᠎ᠡ

ᠳᠡᠭᠲᠡᠷ ᠲᠤ ᠭᠠᠷᠭᠠᠬᠤ ᠵᠡᠷᠭᠡ ᠲᠠᠯ᠎ᠠ ᠶᠢᠨ ᠬᠠᠮᠢᠶ᠎ᠠ ᠪᠥᠬᠦᠶ ᠠᠭᠤᠯᠭ᠎ᠠ ᠠᠴᠠ ᠬᠤᠷᠠᠯ ᠳᠤ ᠣᠷᠣᠯᠴᠠᠭᠰᠠᠳ ᠲᠤ ᠪᠥᠬᠦ

ᠲᠠᠯ᠎ᠠ ᠶᠢᠨ ᠰᠢᠰᠲ᠋ᠧᠮ ᠲᠠᠢ ᠲᠠᠶᠢᠯᠤᠮᠵᠢ ᠬᠢᠪᠠ᠃ ᠬᠢᠴᠢᠶᠡᠯᠯᠡᠬᠦ ᠭᠤᠤᠯ ᠰᠡᠳᠦᠪ ᠨᠢ ᠢᠯᠡ ᠲᠣᠳᠣ᠂ ᠭᠤᠤᠯᠳᠠᠯᠭ᠎ᠠ ᠨᠢ

ᠲᠣᠪᠤᠶᠢᠮ᠎ᠠ᠂ ᠵᠠᠳᠠᠯᠤᠯᠲᠠ ᠨᠢ ᠨᠡᠪᠲᠡᠷᠬᠡᠶ ᠪᠠᠶᠢᠵᠤ᠂ ᠮᠠᠰᠢ ᠴᠢᠩᠭ᠎ᠠ ᠣᠨᠣᠯ ᠤᠨ ᠴᠢᠨᠠᠷ᠂ ᠬᠠᠨᠳᠤᠯᠭᠠᠲᠤ ᠴᠢᠨᠠᠷ ᠪᠣᠯᠤᠨ

ᠵᠢᠯᠣᠭᠤᠳᠬᠤ ᠴᠢᠨᠠᠷ ᠲᠠᠢ ᠶᠤᠮ᠃

    ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷ ᠰᠢ ᠶᠢᠨ ᠫᠢᠩ ᠤᠨ ᠬᠠᠤᠯᠢᠵᠢᠯ ᠤᠨ

ᠦᠵᠡᠯ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠭᠯᠡᠯ ᠪᠣᠯᠤᠨ ᠭᠤᠣᠯᠳᠠᠯᠭ᠎ᠠ ᠶᠢ ᠣᠨᠣᠪᠴᠢᠲᠠᠢ

ᠡᠵᠡᠮᠳᠡᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠬᠠᠤᠯᠢᠵᠢᠯ ᠤᠨ ᠵᠠᠰᠠᠭ ᠤᠨ ᠣᠷᠳᠣᠨ ᠤ

ᠪᠠᠶᠢᠭᠤᠯᠤᠯᠲᠠ ᠶᠢᠨ ᠭᠤᠭᠴᠤᠭ᠎ᠠ ᠨᠢᠭᠡᠪᠦᠷᠢ᠂ ᠠᠵᠢᠯ ᠨᠢᠭᠡᠪᠦᠷᠢ ᠳᠤ ᠭᠦᠨᠵᠡᠭᠡᠢ ᠠᠭᠤᠰᠤᠯᠴᠠᠭᠤᠯᠬᠤ ᠬᠡᠷᠡᠭᠲᠡᠢ᠃ ᠡᠯ᠎ᠡ

ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠲᠠᠢ ᠢᠳᠡᠪᠬᠢᠲᠡᠢ ᠬᠠᠷᠢᠴᠠᠭᠤᠯᠤᠨ ᠵᠥᠷᠢᠶ᠎ᠡ ᠪᠠᠨ

ᠡᠷᠢᠵᠦ᠂ ᠬᠠᠷᠠᠯᠲᠠ ᠪᠠᠨ ᠦᠨᠳᠦᠰᠦᠯᠡᠨ ᠠᠷᠭ᠎ᠠ ᠬᠡᠮᠵᠢᠶ᠎ᠡ ᠲᠣᠭᠲᠠᠭᠠᠵᠤ᠂ ᠬᠠᠤᠯᠢᠵᠢᠯ ᠤᠨ ᠵᠠᠰᠠᠭ ᠤᠨ ᠣᠷᠳᠣᠨ ᠤ

ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠰᠢᠨ᠎ᠡ ᠴᠠᠭ

ᠦᠶ᠎ᠡ ᠰᠢᠨ᠎ᠡ ᠠᠶᠠᠨ ᠳᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠯᠢᠳᠡᠭ ᠬᠠᠷᠢᠭᠤᠯᠲᠠ ᠶᠢᠨ

ᠬᠠᠭᠤᠳᠠᠰᠤ ᠶᠢ ᠪᠢᠴᠢᠭᠯᠡᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ

ᠣᠳᠣᠬᠢᠴᠢᠯᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃

    ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂

ᠤᠯᠤᠰ ᠲᠥᠷᠥ ᠶᠢᠨ ᠵᠥᠪᠯᠡᠯᠭᠡᠨ ᠤ ᠪᠠᠭ ᠤᠨ ᠪᠦᠷᠢᠯᠳᠦᠬᠦᠨ᠂ ︽ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ︾ ᠶᠢᠨ

ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠤᠯᠤᠰ

ᠲᠥᠷᠥ ᠶᠢᠨ ᠵᠥᠪᠯᠡᠯᠭᠡᠨ ᠤ ᠠᠯᠪᠠᠨ ᠬᠡᠷ ᠤᠨ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂

ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ᠂ ᠡᠯ᠎ᠡ ᠠᠷᠠᠳ ᠤᠨ ᠪᠦᠯᠬᠦᠮ᠂ ᠰᠢᠶᠠᠨ ᠤ ᠬᠠᠷᠢᠶ᠎ᠠ ᠵᠢᠴᠢ ᠰᠢᠶᠠᠨ ᠳᠤ

ᠰᠠᠭᠤᠭ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠢᠶᠠᠩ

ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠪᠣᠯᠪᠠᠰᠤᠷᠠᠯ ᠤᠨ ᠠᠩᠭᠢ ᠳᠤ ᠣᠷᠣᠯᠴᠠᠪᠠ᠃ 

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2