11 ᠰᠠᠷ᠎ᠠ ᠶᠢᠨ 6 ᠤ ᠡᠳᠦᠷ᠂ ᠳᠣᠯᠣᠳᠤᠭᠠᠷ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ᠃ ᠲᠣᠰ | ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 57 ᠬᠥᠮᠦᠨ᠂ ᠬᠤᠷᠠᠯ ᠳᠤ ᠪᠣᠳᠠᠲᠠᠶ | ᠣᠷᠣᠯᠴᠠᠭᠰᠠᠨ ᠲᠥᠯᠥᠭᠡᠯᠡᠭᠴᠢ 42 ᠬᠥᠮᠦᠨ᠂ ᠡᠪᠡᠳᠴᠢᠨ ᠡᠮᠭᠡᠭ ᠤᠨ ᠰᠢᠯᠲᠠᠭᠠᠨ ᠠᠴᠠ ᠪᠣᠯᠵᠣ 12 ᠬᠥᠮᠦᠨ | ᠴᠢᠯᠥᠭᠡ ᠭᠤᠶᠤᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | | ᠶᠡᠭᠡ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠤᠨ 2024 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢ | ᠰᠣᠨᠣᠰᠴᠤ ᠬᠢᠨᠠᠨ ᠵᠥᠪᠯᠡᠪᠡ᠃ | ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠬᠡᠬᠦᠳᠡᠭ ᠳᠦᠭᠦᠷᠡᠩ ᠤᠯᠤᠰ ᠲᠦᠷᠦ ᠶᠢᠨ ᠬᠠᠯᠠᠭᠤᠨ | ᠰᠡᠳᠬᠢᠯᠭᠡ ᠪᠠ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠠᠤᠯᠢ ᠶᠣᠰᠣᠭᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠪᠠᠯᠭᠠᠰᠤᠨ ᠤ ᠭᠤᠣᠯᠳᠠᠯᠭ᠎ᠠ ᠲᠠᠢ ᠠᠵᠢᠯ ᠪᠠ ᠤᠯᠠᠨ ᠲᠦᠮᠡᠨ ᠤ | ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ ᠰᠠᠨᠠᠯ ᠰᠠᠨᠠᠭᠤᠯᠭ᠎ᠠ | ᠳᠤᠷᠠᠳᠴᠤ᠂ ᠳᠣᠯᠣᠳᠤᠭᠠᠷ ᠪᠠᠯᠭᠠᠰᠤᠨ ᠤ ᠬᠥᠭᠵᠢᠯᠲᠡ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠵᠤ᠂ ᠬᠦᠴᠦᠨ ᠴᠢᠳᠠᠯ ᠢᠶᠠᠨ ᠡᠷᠭᠦᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ | ᠴᠠᠭ ᠦᠶ᠎ᠡ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ | ᠪᠠᠭᠲᠠᠭᠠᠵᠤ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠬᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ | ᠢᠯᠡᠷᠡᠭᠦᠯᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠳᠣᠯᠣᠳᠤᠭᠠᠷ ᠪᠠᠯᠭᠠᠰᠤᠨ ᠤ ᠵᠠᠰᠠᠭ ᠤᠨ | ᠣᠷᠳᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠪᠠᠯᠭᠠᠰᠤᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ | ᠳᠡᠮᠵᠢᠯᠭᠡ ᠳᠣᠣᠷ᠎ᠠ᠂ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ︽ᠵᠢᠷᠭᠤᠭᠠᠨ ᠢᠨᠵᠧᠨᠧᠷᠢᠩ︾ ᠤᠨ | ᠲᠣᠭᠤᠷᠢᠨ ᠳᠤ᠂ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ | ᠪᠦᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠲᠤᠰ ᠪᠠᠯᠭᠠᠰᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠤᠳᠤ ᠶᠢᠨ | ᠪᠠᠶᠢᠭ᠎ᠠ ᠡᠬᠢ ᠪᠠᠶᠠᠯᠢᠭ ᠢ ᠭᠦᠢᠴᠡᠳ ᠠᠭᠤᠳᠠᠯᠵᠤ᠂ ᠣᠨᠴᠠᠭᠠᠢ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ | ᠬᠥᠭᠵᠢᠯᠲᠡ ᠶᠢᠨ ᠰᠡᠳᠬᠢᠴᠡ ᠶᠢᠨ ᠰᠢᠨ᠎ᠡ ᠶᠢ ᠡᠭᠦᠳᠴᠦ᠂ ᠬᠥᠭᠵᠢᠯᠲᠡ ᠶᠢᠨ ᠴᠢᠭᠯᠡᠯ ᠢ ᠵᠠᠯᠠᠷᠠᠭᠤᠯᠵᠤ᠂ ᠠᠷᠠᠳ ᠢ | ᠪᠠᠶᠠᠵᠢᠭᠤᠯᠤᠨ ᠪᠠᠯᠭᠠᠰᠤ ᠶᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠪᠠᠷ ᠠᠵᠢᠯ ᠤᠨ ᠭᠤᠣᠯ ᠱᠤᠭᠤᠮ | ᠪᠣᠯᠭᠠᠵᠤ᠂ ᠬᠠᠷᠠᠯᠲᠠ ᠪᠠᠨ ᠣᠨᠣᠪᠴᠢᠲᠠᠢ ᠡᠵᠡᠮᠳᠡᠵᠦ᠂ ᠡᠭᠦᠷᠭᠡ ᠪᠠᠨ ᠴᠢᠩᠭ᠎ᠠ ᠡᠵᠡᠮᠳᠡᠵᠦ᠂ 2024 ᠣᠨ ᠤ ᠠᠵᠤ | ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ ᠬᠠᠮᠲᠤ ᠨᠡᠯᠢᠶᠡᠳ ᠰᠠᠶᠢᠨ | ᠠᠮᠵᠢᠯᠲᠠ ᠣᠯᠵᠠᠢ᠃ | ᠬᠤᠷᠠᠯ ᠠᠴᠠ᠂ ᠪᠦᠬᠦ ᠪᠠᠯᠭᠠᠰᠤ ᠪᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠪᠠᠯᠭᠠᠰᠤᠨ ᠤ ᠥᠷᠭᠡᠨ ᠤᠯᠠᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠠᠯᠬᠤᠴᠠ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠳᠣᠯᠣᠳᠤᠭᠠᠷ ᠨᠤᠮᠧᠷ ᠢ ᠪᠠᠶᠢᠭᠤᠯᠬᠤ ᠶᠢᠨ ᠲᠥᠯᠥᠭᠡ | ᠴᠢᠷᠮᠠᠶᠢᠨ ᠲᠡᠮᠡᠴᠡᠬᠦ ᠬᠡᠷᠡᠭᠲᠡᠢ︕ | ᠶᠡᠭᠡ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠦᠷ ᠵᠢᠪᠬᠤᠯᠠᠩᠲᠤ | ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ ᠲᠡᠭᠦᠰᠪᠡ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |