ᠨᠠᠮ ᠤᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠪᠣᠯ ᠣᠷᠣᠨ ᠨᠤᠲᠤᠭ ᠤᠨ ᠦᠨᠳᠦᠰᠦᠨ ᠱᠠᠲᠤᠨ ᠤ | ᠰᠠᠭᠤᠷᠢ ᠶᠢ ᠦᠷᠭᠦᠯᠵᠢᠯᠡᠨ ᠪᠠᠬᠢᠵᠢᠭᠦᠯᠬᠦ᠂ ᠬᠥᠳᠡᠭᠡ ᠲᠣᠰᠬᠤᠨ ᠤ ᠵᠠᠰᠠᠯᠲᠠ ᠶᠢ ᠠᠬᠢᠭᠤᠯᠬᠤ᠂ ᠬᠠᠮᠲᠤ ᠶᠢᠨ ᠠᠵᠤ | ᠠᠬᠤᠢ ᠶᠢ ᠪᠤᠵᠠᠭᠠᠶᠢᠷᠠᠭᠤᠯᠬᠤ ︽ᠨᠢᠭᠡᠳᠦᠭᠡᠷ ᠬᠥᠳᠡᠯᠭᠡᠭᠦᠷ︾ ᠪᠣᠯᠤᠨ᠎ᠠ᠃ ᠨᠠᠮ ᠤᠨ ᠪᠠᠶᠢᠭᠤᠯᠤᠯᠲᠠ ᠶᠢᠨ ︽ᠬᠥᠲᠥᠯᠥᠨ | ᠳᠠᠭᠠᠭᠤᠯᠬᠤ ᠬᠦᠴᠦᠨ︾ ᠢ ᠦᠨᠡᠨ ᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽ᠰᠢᠨ᠎ᠡ | ᠬᠥᠳᠡᠯᠭᠡᠬᠦ ᠬᠦᠴᠦᠨ︾ ᠪᠣᠯᠭᠠᠨ ᠬᠤᠪᠢᠷᠠᠭᠤᠯᠵᠤ᠂ ᠦᠷᠭᠦᠯᠵᠢᠯᠡᠨ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠬᠤᠸᠠᠳᠧ ᠰᠢᠶᠠᠨ ᠤ | ᠳᠣᠯᠣᠳᠤᠭᠠᠷ ᠪᠠᠯᠭᠠᠰᠤᠨ ᠤ ᠶᠢᠰᠦᠳᠦᠭᠡᠷ ᠲᠣᠰᠬᠤᠨ ᠤ ᠨᠠᠮ ᠤᠨ ᠡᠭᠦᠷ ᠤᠨ ᠴᠥᠬᠦᠷᠡᠰᠢ ᠦᠭᠡᠢ ᠬᠢᠬᠦ ᠶᠠᠪᠤᠳᠠᠯ | ᠪᠣᠯᠤᠨ᠎ᠠ᠃ | ᠲᠣᠰᠬᠤᠨ ᠤ ᠠᠷᠠᠳ ᠪᠠᠶᠠᠨ ᠪᠠᠶᠢᠬᠤ ᠡᠰᠡᠬᠦ ᠶᠢᠨ ᠵᠠᠩᠭᠢᠯᠠᠭ᠎ᠠ ᠨᠢ ᠨᠠᠮ ᠤᠨ ᠡᠭᠦᠷ ᠲᠤ ᠦᠵᠡᠨ᠎ᠡ︔ | ᠲᠣᠰᠬᠤᠨ ᠨᠢ ᠬᠦᠴᠦᠷᠬᠡᠭ ᠨᠢ ᠴᠢᠩᠭ᠎ᠠ ᠡᠰᠡᠬᠦ᠂ ︽ᠳᠠᠭᠠᠭᠤᠯᠤᠭᠴᠢ︾ ᠶᠢ ᠦᠵᠡᠨ᠎ᠡ᠃ ᠵᠢᠦ ᠬᠤᠤ ᠲᠣᠰᠬᠤᠨ ᠤ | ᠨᠠᠮ ᠤᠨ ᠡᠭᠦᠷ ᠤᠨ ᠱᠦᠵᠢ ᠸᠠᠩ ᠶᠦᠨ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ | ᠲᠣᠭᠲᠠᠭᠰᠠᠨ ᠬᠤᠭᠤᠴᠠᠭ᠎ᠠ ᠲᠠᠢ ᠪᠠᠷ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠢ ᠵᠣᠬᠢᠶᠠᠨ ᠪᠠᠶᠢᠭᠤᠯᠵᠤ | ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠪᠣᠯᠤᠨ ᠬᠠᠮᠤᠭ ᠤᠨ ᠰᠢᠨ᠎ᠡ | ᠲᠦᠷᠦ ᠶᠢᠨ ᠪᠤᠳᠤᠯᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ᠃ | ᠡᠭᠦᠨ ᠤ ᠬᠠᠮᠲᠤ᠂ ︽ᠠᠵᠤ ᠦᠢᠯᠡᠰ ᠬᠠᠮᠢᠭ᠎ᠠ ᠪᠠᠶᠢᠪᠠᠯ ᠵᠣᠬᠢᠶᠠᠨ ᠪᠠᠶᠢᠭᠤᠯᠤᠯᠲᠠ ᠲᠡᠨᠳᠡ ᠬᠦᠷᠬᠦ︾ ᠠᠵᠢᠯ ᠤᠨ | ᠰᠡᠳᠬᠢᠴᠡ ᠪᠠᠷ ᠲᠣᠰᠬᠤᠨ ᠤ ᠠᠷᠠᠳ ᠢ ᠳᠠᠭᠠᠭᠤᠯᠤᠨ ᠴᠢᠨᠡᠭᠡᠯᠢᠭᠵᠢᠬᠦ ᠵᠠᠮ ᠢᠶᠠᠷ ᠵᠠᠮᠨᠠᠨ᠎ᠠ᠃ | ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠡᠬᠢ ᠪᠤᠯᠠᠭ ᠮᠥᠨ᠃ ᠶᠢᠰᠦᠳᠦᠭᠡᠷ ᠲᠣᠰᠬᠤᠨ ᠤ ᠨᠠᠮ ᠤᠨ ᠡᠭᠦᠷ | ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠣᠰᠬᠤᠨ ᠤ ᠱᠠᠲᠤᠨ ᠤ ᠬᠠᠮᠲᠤ ᠶᠢᠨ ᠠᠵᠤ | ᠠᠬᠤᠶ ᠶᠢ ᠶᠡᠬᠡᠪᠡᠷ ᠬᠥᠭᠵᠢᠭᠦᠯᠦᠨ ᠪᠤᠵᠠᠭᠠᠶᠢᠷᠠᠭᠤᠯᠵᠤ᠂ ᠤᠷᠢᠳ ᠬᠤᠵᠢᠳ ᠥᠪᠥᠷ ᠮᠣᠩᠭᠤᠯ ᠤᠨ ᠪᠠᠩ ᠬᠥ᠋ | ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠦ ᠹᠧᠩ ᠲᠥᠮᠥᠰᠥ ᠶᠢᠨ | ᠦᠢᠯᠡᠰ ᠤᠨ ᠲᠠᠷᠢᠮᠠᠯ ᠤᠨ ᠺᠣᠮᠫᠠᠨᠢ ᠶᠢ ᠣᠷᠣᠭᠤᠯᠤᠨ ᠠᠪᠴᠢᠷᠠᠵᠤ᠂ 100 ᠭᠠᠷᠤᠶ ᠬᠥᠮᠦᠨ ᠳᠤ ᠠᠵᠢᠯ | ᠣᠯᠭᠤᠬᠤ ᠶᠢ ᠪᠡᠶᠡᠯᠡᠭᠦᠯᠪᠡ︔ ᠤᠰᠤ ᠠᠷᠪᠢᠯᠠᠬᠤ ᠲᠠᠷᠢᠮᠠᠯ ᠪᠸᠢ ᠪᠸᠢ ᠭᠤᠸ᠎ᠠ ᠬᠡᠮᠬᠡ ᠶᠢ 2000 ᠭᠠᠷᠤᠶ ᠮᠦ | ᠣᠷᠣᠭᠤᠯᠤᠨ ᠠᠪᠴᠢᠷᠠᠵᠤ᠂ ᠠᠰᠢᠭ ᠣᠷᠣᠯᠭ᠎ᠠ ᠶᠢ ᠪᠠᠲᠤᠯᠠᠬᠤ ᠶᠢᠨ ᠬᠠᠮᠲᠤ ᠪᠠᠰᠠ 20 ᠭᠠᠷᠤᠶ ᠬᠥᠮᠦᠨ ᠳᠤ ᠠᠵᠢᠯ | ᠣᠯᠭᠤᠬᠤ ᠶᠢ ᠪᠠᠲᠤᠯᠠᠪᠠ︔ 40 ᠮᠥ ᠭᠠᠵᠠᠷ ᠡᠵᠡᠯᠡᠭᠰᠡᠨ ᠠᠯᠠᠰᠢᠨ ᠬᠤᠨᠢ ᠶᠢ ᠡᠷᠦᠬᠡ ᠬᠤᠪᠢᠶᠠᠨ ᠲᠡᠵᠢᠭᠡᠨ | ᠦᠷᠡᠵᠢᠭᠦᠯᠬᠦ ᠬᠦᠷᠢᠶᠡᠯᠡᠩ ᠳᠤ ᠤᠷᠢᠳᠠᠪᠠᠷ ᠮᠠᠯ ᠤᠨ ᠡᠭᠦᠯᠳᠡᠷ ᠢ ᠰᠠᠶᠢᠵᠢᠷᠠᠭᠤᠯᠬᠤ ᠠᠵᠢᠯ ᠢ ᠥᠷᠨᠢᠭᠦᠯᠵᠦ᠂ | ᠤᠤᠮᠧᠨ ᠤ ᠬᠦᠢᠲᠡᠨ ᠡᠭᠦᠯᠳᠡᠷ ᠤᠨ ᠬᠤᠴᠠ 13 ᠪᠠ ᠰᠠᠹᠦ᠋ᠺᠧ ᠶᠢᠨ ᠡᠮ᠎ᠡ ᠬᠤᠨᠢ ᠶᠢ 196 ᠬᠤᠳᠠᠯᠳᠤᠨ | ᠠᠪᠤᠨ᠎ᠠ︔ ᠨᠢᠭᠡ ᠵᠢᠵᠢᠭ ᠬᠡᠯᠪᠡᠷᠢ ᠶᠢᠨ ᠦᠬᠡᠷ ᠤᠨ ᠲᠠᠯᠠᠪᠠᠶ ᠶᠢ ᠪᠥᠲᠥᠭᠡᠨ ᠪᠠᠶᠢᠭᠤᠯᠵᠤ᠂ ᠵᠢᠯ ᠪᠦᠷᠢ ᠬᠠᠮᠲᠤ ᠶᠢᠨ | ᠠᠵᠤ ᠠᠬᠤᠶ ᠳᠤ 12000 ᠲᠥᠭᠦᠷᠢᠭ ᠤᠨ ᠠᠰᠢᠭ ᠣᠷᠣᠯᠭ᠎ᠠ ᠨᠡᠮᠡᠭᠳᠡᠭᠦᠯᠪᠡ᠃ | ᠡᠭᠦᠨ ᠤ ᠬᠠᠮᠲᠤ᠂ ᠶᠢᠰᠦᠳᠦᠭᠡᠷ ᠲᠣᠰᠬᠤᠨ ᠪᠠᠰᠠ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ | ︽ᠲᠦᠷᠢᠶᠡᠰᠦᠨ ᠮᠥᠩᠭᠦ ᠠᠪᠬᠤ︾᠂ ᠣᠶᠢᠷ᠎ᠠ ᠬᠠᠪᠢ ᠶᠢᠨ ᠬᠥᠯᠥᠰᠥᠨ ᠠᠵᠢᠯ ᠬᠢᠵᠦ ︽ᠴᠠᠯᠢᠩ ᠣᠯᠭᠤᠬᠤ︾᠂ | ᠤᠨᠴᠠᠯᠢᠬᠳᠤ ᠠᠵᠤ ᠦᠢᠯᠡᠰ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ | ᠠᠷᠠᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠪᠠ᠃ | ᠠᠵᠤ ᠠᠬᠤᠢ ᠶᠢ ᠬᠥᠭᠵᠢᠭᠦᠯᠬᠦ ᠶᠢᠨ ᠬᠠᠮᠲᠤ᠂ ᠶᠢᠰᠦᠳᠦᠭᠡᠷ ᠲᠣᠰᠬᠤᠨ ᠤ ᠨᠠᠮ ᠤᠨ ᠡᠭᠦᠷ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠠᠷᠳᠠᠬᠤ ᠴᠡᠭ ᠪᠣᠯᠭᠠᠬᠤ ᠶᠢ ᠪᠠᠷᠢᠮᠲᠠᠯᠠᠵᠤ᠂ | ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ | ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠭᠦᠨᠵᠡᠭᠡᠢ ᠠᠬᠢᠭᠤᠯᠵᠤ᠂ ᠲᠣᠰᠬᠤᠨ ᠤ | ᠳᠦᠷᠰᠦ ᠪᠠᠶᠢᠳᠠᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ 30 ᠲᠦᠮᠡᠨ ᠲᠥᠭᠦᠷᠢᠭ ᠤᠨ ᠪᠡᠯᠡ ᠣᠷᠣᠭᠤᠯᠵᠤ᠂ | 105 ᠲᠡᠭᠰᠢ ᠳᠥᠷᠪᠡᠯᠵᠢᠨ ᠮᠧᠳ᠋ᠷ ᠤᠨ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠲᠥᠪ ᠢ ᠪᠠᠶᠢᠭᠤᠯᠵᠤ᠂ | ᠲᠣᠰᠬᠤᠨ ᠤ ᠠᠷᠠᠳ ᠤᠨ ᠤᠴᠢᠷ ᠶᠠᠪᠤᠳᠠᠯ ᠢ ᠰᠢᠢᠳᠪᠦᠷᠢᠯᠡᠬᠦ ᠶᠢ ᠨᠡᠩ ᠳᠥᠭᠦᠮ ᠳᠥᠲᠡ ᠪᠣᠯᠭᠠᠪᠠ︔ 10 ᠲᠦᠮᠡᠨ | ᠲᠥᠭᠦᠷᠢᠭ ᠤᠨ ᠪᠡᠯᠡ ᠣᠷᠣᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯᠯᠠᠭᠠᠨ ᠤ ᠲᠠᠰᠤᠭ᠂ | ᠤᠳᠬ᠎ᠠ ᠤᠷᠠᠯᠢᠭ ᠤᠨ ᠠᠵᠢᠯᠯᠠᠭᠠᠨ ᠤ ᠲᠠᠰᠤᠭ᠂ ᠵᠤᠭ᠎ᠠ ᠴᠡᠩᠭᠡᠯ ᠤᠨ ᠠᠵᠢᠯᠯᠠᠭᠠᠨ ᠤ ᠲᠠᠰᠤᠭ ᠵᠡᠷᠭᠡ ᠲᠣᠰᠬᠤᠨ ᠤ | ᠠᠵᠢᠯᠯᠠᠭᠠᠨ ᠤ ᠲᠥᠪ ᠢ ᠨᠡᠶᠢᠲᠡ 180 ᠲᠡᠭᠰᠢ ᠳᠥᠷᠪᠡᠯᠵᠢᠨ ᠮᠧᠳ᠋ᠷ ᠵᠠᠰᠠᠵᠤ᠂ ᠲᠣᠰᠬᠤᠨ ᠤ ᠠᠷᠠᠳ ᠤᠨ ᠣᠶᠤᠨ | ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ︔ ︽ᠪᠢ ᠭᠡᠷ ᠢᠶᠠᠨ ᠬᠠᠶᠢᠷᠠᠯᠠᠬᠤ︾ ᠠᠵᠢᠯᠯᠠᠭ᠎ᠠ ᠥᠷᠨᠢᠭᠦᠯᠵᠦ᠂ | ᠨᠠᠮ ᠤᠨ ᠭᠡᠰᠢᠭᠦᠨ ᠳᠠᠭᠠᠭᠤᠯᠬᠤ ᠪᠠᠷ ᠳᠠᠮᠵᠢᠭᠤᠯᠤᠨ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ | ᠲᠣᠰᠬᠤᠨ ᠡᠷᠦᠬᠡ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠬᠥᠳᠡᠭᠡ ᠲᠣᠰᠬᠤᠨ ᠤ | ᠵᠠᠰᠠᠯᠲᠠ ᠶᠢᠨ ᠤᠬᠠᠮᠰᠠᠷ ᠢ ᠪᠤᠢ ᠪᠣᠯᠭᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠨᠢᠭᠡᠳᠦᠨ | ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠪᠠ᠃ | ᠡᠭᠦᠨ ᠠᠴᠠ ᠭᠠᠳᠠᠨ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠥᠷᠲᠡᠭᠡ ᠳᠤ ᠲᠦᠰᠢᠭᠯᠡᠨ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠵᠢᠯᠯᠠᠭ᠎ᠠ ᠶᠢ | ᠨᠡᠶᠢᠲᠡ 50 ᠭᠠᠷᠤᠶ ᠤᠳᠠᠭ᠎ᠠ ᠥᠷᠨᠢᠭᠦᠯᠵᠦ᠂ ᠡᠮ ᠤᠨ ᠵᠦᠶ᠋ᠯ ᠣᠷᠣᠯᠠᠨ ᠬᠤᠳᠠᠯᠳᠤᠨ ᠠᠪᠬᠤ᠂ ᠤᠰᠤ ᠴᠠᠬᠢᠯᠭᠠᠨ ᠢ | ᠰᠡᠯᠪᠢᠨ ᠵᠠᠰᠠᠬᠤ ᠵᠡᠷᠭᠡ ᠬᠠᠪᠰᠤᠷᠤᠨ ᠭᠦᠶ᠋ᠴᠡᠳᠬᠡᠵᠦ ᠣᠷᠣᠯᠠᠨ ᠭᠦᠶ᠋ᠴᠡᠳᠬᠡᠬᠦ ᠵᠦᠶ᠋ᠯᠡᠰ ᠢ 300 ᠭᠠᠷᠤᠶ ᠵᠦᠶ᠋ᠯ | ᠪᠡᠶᠡᠯᠡᠭᠦᠯᠵᠦ᠂ ᠲᠣᠰᠬᠤᠨ ᠤ ᠠᠷᠠᠳ ᠤᠨ ᠬᠦᠴᠢᠷ ᠠᠰᠠᠭᠤᠳᠠᠯ ᠢ ᠰᠢᠶ᠋ᠳᠪᠦᠷᠢᠯᠡᠪᠡ᠃ | ᠮᠠᠨ ᠤ ᠲᠤᠰᠬᠤᠨ ᠣᠳᠣ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠃ ᠲᠣᠰᠬᠤᠨ ᠤ ᠤᠤᠯ ᠤᠨ | ᠬᠠᠭᠤᠴᠢᠨ ᠰᠢᠪᠠᠷ ᠪᠠᠶᠢᠰᠢᠩ ᠣᠳᠣ ᠪᠦᠷ ᠰᠢᠨ᠎ᠡ ᠲᠣᠭᠤᠰᠬᠠᠨ ᠪᠠᠶᠢᠰᠢᠩ ᠪᠠᠶᠢᠭᠤᠯᠵᠤ᠂ ᠰᠢᠪᠠᠷ ᠱᠠᠯᠴᠢᠭ | ᠰᠢᠷᠣᠶ ᠶᠢᠨ ᠵᠠᠮ ᠨᠢ ᠱᠦᠢᠨᠢ ᠵᠠᠮ ᠪᠣᠯᠤᠨ ᠬᠤᠪᠢᠷᠠᠵᠤ᠂ ᠠᠭᠤᠳᠠᠮ ᠲᠠᠯᠠᠪᠠᠶ ᠳᠡᠭᠡᠷ᠎ᠡ ᠪᠡᠶ᠎ᠡ ᠴᠢᠭᠢᠷᠠᠭᠵᠢᠭᠤᠯᠬᠤ | ᠪᠠᠭᠠᠵᠢ ᠬᠡᠷᠡᠭᠰᠡᠯ ᠲᠠᠢ ᠪᠣᠯᠵᠠᠶ᠃ ᠢᠯᠠᠩᠭᠤᠶ᠎ᠠ ᠰᠥᠨᠢ ᠳᠦᠯᠢ ᠬᠠᠷᠠᠩᠭᠤᠶ ᠵᠢᠵᠢᠭ ᠭᠤᠳᠤᠮᠵᠢ ᠶᠢᠨ ᠵᠠᠮ ᠨᠢ ᠥᠷᠭᠡᠨ | ᠠᠭᠤᠳᠠᠮ ᠵᠡᠭᠡᠯᠢ ᠪᠣᠯᠵᠤ᠂ ᠲᠣᠰᠬᠤᠨ ᠤ ᠡᠷᠭᠢᠨ ᠲᠣᠭᠤᠷᠢᠨ ᠳᠤ ᠪᠠᠰᠠ ᠠᠷᠢᠭᠤᠨ ᠴᠡᠪᠡᠷ ᠤᠨ ᠵᠣᠷᠯᠣᠩ ᠪᠠᠶᠢᠭᠤᠯᠵᠤ᠂ | ᠵᠣᠷᠯᠣᠩ ᠳᠤ ᠰᠥᠨᠢ ᠨᠡᠷᠡᠨ ᠤ ᠡᠨᠧᠷᠭᠢ ᠶᠢᠨ ᠳ᠋ᠧᠩ ᠭᠡᠷᠡᠯᠲᠦᠵᠡᠶ︾ ᠬᠡᠵᠡᠢ᠃ ᠲᠣᠰᠬᠤᠨ ᠤ ᠠᠷᠠᠳ ᠬᠠᠨ ᠢᠦᠢ ᠮᠢᠩ | ᠪᠠᠶᠠᠷᠲᠠᠶ ᠪᠠᠷ᠄ ︽ᠮᠠᠨ ᠤ ᠲᠣᠰᠬᠤᠨ ᠤ ᠠᠷᠠᠳ ᠤᠨ ᠠᠮᠢᠳᠤᠷᠠᠯ ᠶᠠᠪᠤᠬᠤ ᠳᠣᠳᠥᠮ ᠰᠠᠶᠢᠵᠢᠷᠠᠵᠤ᠂ ᠪᠦᠰᠡᠯᠡᠭᠦᠷ ᠢᠶᠠᠨ | ᠴᠦ ᠤᠯᠠᠮ ᠠᠴᠠ ᠤᠯᠠᠮ ᠵᠣᠷᠢᠭᠵᠢᠭᠤᠯᠵᠤ᠂ ᠦᠢᠯᠡᠳᠪᠦᠷᠢᠯᠡᠯ ᠠᠮᠢᠳᠤᠷᠠᠯ ᠤᠯᠠᠮ ᠠᠴᠠ ᠤᠯᠠᠮ ᠡᠷᠴᠢ ᠬᠦᠴᠦᠨ ᠲᠠᠢ | ᠪᠣᠯᠵᠠᠢ︾ ᠭᠡᠪᠡ᠃ ︵ᠢᠷᠡᠯᠲᠡ᠄ ᠤᠯᠠᠭᠠᠨᠴᠠᠪ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠸᠠᠩ ᠶᠢᠨ ᠫᠧᠩ︶ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸ | |