ᠰᠢᠤᠸᠠᠢ ᠹᠧᠩ ᠴᠢᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠳᠤ ᠬᠦᠷᠴᠦ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/12/10
    12 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠤᠷᠢᠳ ᠬᠤᠵᠢᠳ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠳᠤ ᠬᠦᠷᠴᠦ᠂ ᠪᠠᠶᠢᠭᠤᠯᠤᠯᠭ᠎ᠠ ᠶᠢᠨ ᠺᠠᠳ᠋ᠷᠴᠤᠳ ᠢ ᠡᠷᠬᠢᠨ ᠦᠵᠡᠵᠦ᠂ ᠤᠳᠤᠷᠢᠳᠬᠤ ᠪᠠᠭ ᠤᠨ ᠪᠦᠷᠢᠯᠳᠦᠬᠦᠨ ᠲᠠᠢ ᠶᠠᠷᠢᠯᠴᠠᠨ ᠰᠣᠯᠢᠯᠴᠠᠵᠤ᠂ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠰᠣᠨᠣᠰᠴᠤ᠂ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤᠪᠠᠷ ᠰᠦᠪᠡᠭᠴᠢᠯᠡᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠤᠰ ᠲᠤᠰ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃    ᠬᠦᠷᠦᠭᠰᠡᠨ ᠭᠠᠵᠠᠷ ᠪᠣᠯᠭᠠᠨ ᠳᠤ᠂ ᠰᠢᠤᠸᠠᠢ ᠹᠧᠩ ᠴᠢᠩ ᠠᠵᠢᠯᠯᠠᠬᠤ ᠣᠷᠴᠢᠨ ᠲᠣᠭᠤᠷᠢᠨ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠺᠠᠳ᠋ᠷ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠡᠯ᠎ᠡ ᠪᠠᠭ ᠤᠨ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠤᠳᠤᠷᠢᠳᠤᠯᠭ᠎ᠠ ᠵᠢᠴᠢ ᠺᠠᠳ᠋ᠷ ᠠᠵᠢᠯᠳᠠᠨ ᠤ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠵᠣᠪᠠᠭᠤᠷᠢ ᠵᠦᠳᠡᠭᠦᠷᠢ ᠠᠴᠠ ᠬᠠᠯᠠᠰᠢᠷᠠᠯ ᠦᠭᠡᠢ ᠠᠵᠢᠯᠯᠠᠵᠤ᠂ ᠠᠮᠢ ᠪᠡᠶ᠎ᠡ ᠪᠠᠨ ᠤᠮᠠᠷᠲᠠᠨ ᠠᠵᠢᠯᠯᠠᠭᠰᠠᠨ ᠡᠷᠬᠢᠮ ᠨᠠᠨᠳᠢᠨ ᠵᠣᠷᠢᠭ ᠰᠠᠨᠠᠭ᠎ᠠ ᠶᠢ ᠨᠤᠲᠠᠯᠠᠵᠤ ᠪᠠᠶᠢᠬᠤ ᠪᠠᠨ ᠢᠯᠡᠳᠬᠡᠵᠦ᠂ ᠤᠯᠠᠨ ᠢ ᠬᠤᠸᠠᠳᠧ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ ᠬᠦᠨᠳᠦᠳᠬᠡᠯ ᠢᠶᠠᠨ ᠢᠯᠡᠳᠬᠡᠪᠡ᠃    ᠰᠢᠤᠸᠠᠢ ᠹᠧᠩ ᠴᠢᠩ ᠬᠡᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠭᠤᠴᠠᠭ᠎ᠠ ᠪᠦᠷᠢ ᠶᠢᠨ ᠰᠢᠶᠠᠨ ᠤ ᠨᠠᠮ ᠤᠨ ᠬᠤᠷᠢᠶᠠᠨ ᠤ ᠪᠦᠯᠬᠦᠮᠳᠡᠯ ᠳᠠᠭᠠᠭᠤᠯᠭ᠎ᠠ ᠳᠣᠤᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠪᠦᠯᠬᠦᠮᠳᠡᠨ ᠨᠢᠭᠡᠳᠴᠦ᠂ ᠪᠥᠬᠦ ᠰᠢᠶᠠᠨ ᠤ ᠡᠯ᠎ᠡ ᠵᠦᠶ᠋ᠯ ᠤᠨ ᠠᠵᠢᠯ ᠦᠶ᠋ᠯᠡᠰ ᠲᠦᠷᠭᠡᠨ ᠳᠠᠪᠰᠢᠯᠲᠠ ᠲᠠᠢ ᠪᠣᠯᠵᠠᠶ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠬᠢᠯᠪᠠᠷ ᠪᠤᠰᠤ ᠪᠠᠷ ᠢᠷᠡᠭᠰᠡᠨ ᠰᠠᠶᠢᠨ ᠪᠠᠶᠢᠳᠠᠯ ᠢᠶᠠᠨ ᠬᠤᠪᠢ ᠲᠠᠬᠢᠨ ᠨᠠᠨᠳᠢᠩᠨᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ︽ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠵᠤ︾᠂ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠸᠠᠳᠧ ᠶᠢ ᠨᠡᠩ ᠰᠠᠶᠢᠨ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ ᠰᠢᠶᠠᠨ ᠤ ᠨᠠᠮ ᠤᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠵᠦ᠂ ᠤᠯᠠᠨ ᠤ ᠠᠵᠢᠯ ᠢᠶᠠᠨ ᠥᠷᠨᠢᠭᠦᠯᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠭᠦᠨᠵᠡᠭᠡᠶᠢᠷᠡᠭᠦᠯᠵᠦ᠂ ᠬᠤᠸᠠᠳᠧ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃    ᠡᠦ ᡁᠢ ᠢᠦᠢ ᠣᠷᠣᠯᠴᠠᠪᠠ᠃ ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   ᠣᠷᠴᠢᠭᠤᠯᠤᠭᠴᠢ᠄ ᠠᠨᠵᠸᠯ 
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2