ᠦᠨᠳᠦᠰᠦᠨ ᠬᠠᠤᠯᠢ ᠶᠢᠨ ᠵᠤᠷᠢᠭ ᠰᠠᠨᠠᠭ᠎ᠠ ᠶᠢ ᠪᠠᠳᠠᠷᠠᠭᠤᠯᠵᠤ ᠬᠠᠤᠯᠢ ᠲᠦᠭᠡᠮᠡᠯᠵᠢᠭᠦᠯᠬᠦ ᠦᠯᠢᠭᠡᠷ ᠢ ᠰᠠᠶᠢᠬᠠᠨ ᠶᠠᠷᠢᠬᠤ
ᠨᠡᠶᠢᠲᠡᠯᠡᠭᠰᠡᠨ ᠴᠠᠭ᠄
2024/12/10

    ᠬᠠᠤᠯᠢ ᠪᠠᠷ ᠵᠠᠰᠠᠬᠤ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠠᠤᠯᠢ

ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠪᠡ᠃ 12 ᠰᠠᠷ᠎ᠠ ᠶᠢᠨ 9 ᠤ ᠡᠳᠦᠷ᠂ ᠰᠢᠶᠠᠨ ᠤ ᠵᠡᠮᠳᠡᠭᠴᠦᠳ ᠤᠨ

ᠬᠤᠯᠪᠣᠭ᠎ᠠ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ

ᠲᠣᠪᠴᠢᠶ᠎ᠠ ᠲᠠᠢ ᠬᠠᠮᠲᠤᠷᠠᠨ᠂ ᠵᠡᠮᠳᠡᠭᠴᠦᠳ ᠤᠨ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠭᠤᠷᠢᠨ ᠭᠠᠵᠠᠷ ᠲᠤ

︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ

ᠲᠦᠭᠡᠮᠡᠯᠵᠢᠭᠦᠯᠬᠦ ᠥᠯᠢᠭᠡᠷ ᠢ ᠰᠠᠶᠢᠲᠤᠷ ᠶᠠᠷᠢᠬᠤ︾ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ

ᠬᠠᠮᠲᠤᠷᠠᠨ ᠡᠷᠭᠢᠯᠡᠪᠡ᠃

1733905046829082471.png

    ᠠᠵᠢᠯᠯᠠᠭ᠎ᠠ ᠶᠢᠨ ᠳᠤᠮᠳᠠ᠂ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠡᠭᠦᠷ ᠤᠨ ᠱᠦᠵᠢ ᠲᠤᠰ ᠤᠳᠠᠭᠠᠨ ᠤ

ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ᠂ ᠦᠨᠳᠦᠰᠦᠨ ᠬᠠᠤᠯᠢ ᠶᠢᠨ ᠵᠣᠷᠢᠭ ᠰᠠᠨᠠᠭᠠᠨ ᠤ ᠭᠤᠣᠯ

ᠦᠷᠳᠡᠭ ᠵᠢᠴᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠴᠢᠬᠤᠯᠠ ᠴᠢᠨᠠᠷ ᠤᠨ ᠲᠤᠬᠠᠢ

ᠲᠣᠳᠣᠷᠬᠠᠶᠢᠯᠠᠨ ᠥᠭᠦᠯᠡᠪᠡ᠃

1733905076392003973.png

    ᠰᠢᠶᠠᠨ ᠤ ᠠᠷᠠᠳ ᠤᠨ ᠰᠢᠭᠦᠬᠦ ᠬᠤᠷᠢᠶ᠎ᠠ ᠦᠨᠳᠦᠰᠦᠨ ᠬᠠᠤᠯᠢ ᠶᠢᠨ ᠦᠨᠳᠦᠰᠦᠨ ᠵᠠᠷᠴᠢᠮ᠂ ᠪᠦᠯᠦᠭ ᠬᠡᠰᠡᠭ ᠤᠨ

ᠠᠭᠤᠯᠭ᠎ᠠ ᠪᠠ ᠪᠣᠳᠠᠲᠤ ᠠᠮᠢᠳᠤᠷᠠᠯ ᠤᠨ ᠳᠤᠮᠳᠠᠬᠢ ᠬᠡᠷᠡᠭᠯᠡᠯᠲᠡ ᠳᠤ ᠨᠠᠷᠢᠨ ᠲᠣᠳᠣᠷᠬᠠᠶ ᠲᠠᠶᠢᠯᠤᠮᠵᠢ ᠬᠢᠵᠦ᠂

ᠣᠷᠣᠯᠴᠠᠭᠰᠠᠳ ᠲᠤ ᠦᠨᠳᠦᠰᠦᠨ ᠬᠠᠤᠯᠢ ᠶᠢᠨ ᠲᠤᠬᠠᠢ ᠨᠡᠩ ᠪᠦᠬᠦ ᠲᠠᠯ᠎ᠠ ᠶᠢᠨ ᠭᠦᠨᠵᠡᠭᠡᠢ ᠣᠶᠢᠯᠠᠭᠠᠯᠲᠠ ᠲᠠᠢ

ᠪᠣᠯᠭᠠᠪᠠ᠃ ᠡᠭᠦᠨ ᠤ ᠬᠠᠮᠲᠤ ᠣᠯᠠᠨ ᠳᠤ ᠣᠶᠢᠷ᠎ᠠ ᠶᠢᠨ ᠵᠢᠯ ᠳᠤ ᠵᠡᠮᠳᠡᠭᠴᠦᠳ ᠲᠤ ᠬᠤᠯᠪᠣᠭᠳᠠᠭᠰᠠᠨ ᠬᠠᠯᠠᠭᠤᠨ

ᠴᠡᠭ ᠤᠨ ᠬᠠᠤᠯᠢ ᠴᠠᠭᠠᠵᠠ ᠶᠢᠨ ᠠᠰᠠᠭᠤᠳᠠᠯ ᠢ ᠲᠠᠶᠢᠯᠪᠤᠷᠢᠯᠠᠨ ᠥᠭᠴᠦ ᠪᠠᠶᠢᠨ᠎ᠠ᠃ ᠪᠣᠳᠠᠲᠤ ᠬᠡᠷᠡᠭ ᠤᠨ ᠵᠢᠱᠢᠶ᠎ᠡ ᠲᠠᠢ

ᠤᠶᠠᠯᠳᠤᠭᠤᠯᠤᠨ᠂ ᠥᠷᠢ ᠥᠭᠴᠡᠭᠡᠨ ᠤ ᠠᠪᠴᠠᠭᠠᠨ ᠤ ᠬᠡᠷᠡᠭ᠂ ᠡᠷᠬᠡ ᠳᠤ ᠬᠠᠯᠳᠠᠭᠰᠠᠨ ᠬᠡᠷᠡᠭ᠂ ᠬᠥᠳᠡᠯᠮᠦᠷᠢ

ᠬᠦᠴᠦᠨ ᠤ ᠵᠢᠭᠤᠷᠠᠯᠳᠤᠭᠠᠨ ᠤ ᠬᠡᠷᠡᠭ᠂ ᠬᠤᠤᠷᠲᠤ ᠡᠳ᠋ ᠤᠨ ᠬᠡᠷᠡᠭ ᠵᠡᠷᠭᠡ ᠬᠠᠤᠯᠢ ᠴᠠᠭᠠᠵᠠ ᠶᠢᠨ ᠠᠰᠠᠭᠤᠳᠠᠯ ᠢ

ᠭᠦᠨᠵᠡᠭᠡᠶ ᠪᠥᠭᠡᠳ ᠣᠶᠢᠯᠠᠭᠠᠮᠵᠢᠲᠠᠶ ᠲᠦᠭᠡᠮᠡᠯᠵᠢᠭᠦᠯᠦᠨ᠎ᠡ᠃ ᠡᠭᠦᠨ ᠤ ᠬᠠᠮᠲᠤ ᠵᠡᠮᠳᠡᠭᠴᠦᠳ ᠲᠤ ᠬᠠᠤᠯᠢ

ᠴᠠᠭᠠᠵᠠ ᠶᠢᠨ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠮᠡᠳᠡᠯᠭᠡ ᠶᠢ ᠲᠠᠨᠢᠯᠴᠠᠭᠤᠯᠪᠠ᠃

    ᠲᠤᠬᠠᠶ ᠶᠢᠨ ᠲᠠᠯᠠᠪᠤᠷ ᠲᠤ ᠬᠠᠷᠢᠯᠴᠠᠨ ᠠᠰᠠᠭᠤᠯᠲᠠ ᠬᠠᠷᠢᠭᠤᠯᠲᠠ ᠥᠭᠴᠦ᠂ ᠣᠷᠣᠯᠴᠠᠭᠴᠢ ᠲᠣᠰ ᠪᠡᠶ᠎ᠡ ᠶᠢᠨ

ᠠᠩᠬᠠᠷᠴᠤ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠤᠨ ᠲᠤᠬᠠᠶ ᠠᠰᠠᠭᠤᠯᠲᠠ ᠠᠰᠠᠭᠤᠵᠤ᠂ ᠬᠠᠤᠯᠢ

ᠴᠠᠭᠠᠵᠠ ᠶᠢᠨ ᠲᠤᠰᠬᠠᠶ ᠮᠡᠷᠭᠡᠵᠢᠯᠲᠡᠨ ᠵᠢᠴᠢ ᠠᠵᠢᠯᠲᠠᠨ ᠠᠴᠠ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠦ᠂

ᠠᠵᠢᠯᠯᠠᠭ᠎ᠠ ᠶᠢᠨ ᠣᠷᠣᠯᠴᠠᠬᠤ ᠬᠡᠮᠵᠢᠶ᠎ᠡ ᠪᠠ ᠪᠣᠳᠠᠲᠤ ᠪᠦᠲᠦᠮᠵᠢᠲᠦ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃

    ᠠᠵᠢᠯᠯᠠᠭ᠎ᠠ ᠶᠢ ᠡᠷᠬᠢᠯᠡᠬᠦ ᠪᠠᠷ ᠳᠠᠮᠵᠢᠨ ᠵᠡᠮᠳᠡᠭᠴᠦᠳ ᠤᠨ ᠬᠠᠮᠲᠤᠯᠢᠭ ᠤᠨ ᠬᠠᠤᠯᠢ ᠴᠠᠭᠠᠵᠠ ᠶᠢᠨ ᠤᠬᠠᠮᠰᠠᠷ ᠪᠠ

ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠨᠡᠶᠢᠭᠡᠮ ᠤᠨ ᠡᠯ᠎ᠡ

ᠡᠲᠡᠭᠡᠳ ᠤᠨ ᠬᠢᠨ ᠤ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠠᠩᠬᠠᠷᠤᠨ ᠳᠡᠮᠵᠢᠬᠦ ᠶᠢ ᠠᠬᠢᠭᠤᠯᠪᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2