ᠬᠤᠸᠠᠳᠧ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ᠭᠠᠯ ᠤᠨᠲᠠᠷᠠᠭᠠᠬᠤ ᠦᠢᠯᠡᠳᠭᠦᠨ ᠤ ᠲᠤᠰᠬᠠᠶ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/12/11

    ᠬᠤᠳᠠᠯ ᠬᠠᠭᠤᠷᠮᠠᠭ ᠴᠢᠨᠠᠷ ᠮᠠᠭᠤ ᠭᠠᠯ ᠤᠨᠲᠠᠷᠠᠭᠠᠬᠤ ᠦᠢᠯᠡᠳᠬᠦᠨ ᠳᠤ ᠤᠯᠠᠮ ᠨᠢᠭᠡ ᠠᠯᠬᠤᠮ ᠴᠣᠬᠢᠯᠲᠠ

ᠥᠭᠬᠦ ᠪᠠ ᠪᠠᠶᠢᠴᠠᠭᠠᠨ ᠰᠢᠶ᠋ᠳᠪᠦᠷᠢᠯᠡᠵᠦ᠂ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠬᠢᠨᠠᠯᠲᠠ

ᠬᠠᠮᠢᠶᠠᠷᠤᠯᠲᠠ ᠶᠢ ᠴᠢᠩᠭᠠᠳᠬᠠᠨ᠂ ᠭᠠᠯ ᠤᠨᠲᠠᠷᠠᠭᠠᠬᠤ ᠦᠢᠯᠡᠳᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ

ᠦᠨᠡᠨᠬᠦ ᠴᠡᠪᠡᠷᠰᠢᠭᠦᠯᠵᠦ᠂ ᠪᠦᠬᠦ ᠨᠡᠶᠢᠭᠡᠮ ᠤᠨ ᠭᠠᠯ ᠤᠨ ᠠᠶᠤᠯ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠪᠣᠯᠤᠨ

ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠰᠠᠶᠢᠨ ᠰᠠᠶᠢᠬᠠᠨ ᠣᠷᠴᠢᠨ

ᠲᠣᠭᠤᠷᠢᠨ ᠢ ᠪᠣᠶ ᠪᠣᠯᠭᠠᠬᠤ ᠬᠡᠷᠡᠭᠲᠡᠶ᠃ 12 ᠰᠠᠷ᠎ᠠ ᠶᠢᠨ 11 ᠤ ᠡᠳᠦᠷ᠂ ᠬᠤᠸᠠᠳᠧ ᠰᠢᠶᠠᠨ ᠤ ᠭᠠᠯ ᠤᠨᠲᠠᠷᠠᠭᠠᠬᠤ

ᠠᠪᠤᠷᠠᠨ ᠲᠤᠰᠠᠯᠠᠬᠤ ᠶᠡᠭᠡ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ

ᠬᠠᠮᠠᠭᠠᠯᠠᠬᠤ ᠲᠣᠪᠴᠢᠶ᠎ᠠ ᠬᠠᠮᠲᠤᠷᠠᠨ ᠭᠠᠯ ᠤᠨᠲᠠᠷᠠᠭᠠᠬᠤ ᠦᠢᠯᠡᠳᠬᠦᠨ ᠤ ᠲᠤᠰᠬᠠᠶ ᠪᠠᠶᠢᠴᠠᠭᠠᠯᠲᠠ ᠥᠷᠨᠢᠭᠦᠯᠪᠡ᠃

1733920247506065775.png

    ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠠᠵᠢᠯᠲᠠᠨ ᠭᠠᠳᠠᠷ ᠦᠵᠡᠮᠵᠢ ᠶᠢᠨ ᠪᠠᠶᠢᠴᠠᠭᠠᠯᠲᠠ᠂ ᠴᠢᠳᠠᠮᠵᠢ ᠶᠢᠨ

ᠰᠣᠷᠢᠯᠲᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠶᠢᠴᠠᠭᠠᠯᠲᠠ ᠵᠡᠷᠭᠡ ᠠᠷᠭ᠎ᠠ ᠪᠠᠷ ᠭᠠᠯ ᠤᠨᠲᠠᠷᠠᠭᠠᠬᠤ

ᠦᠢᠯᠡᠳᠬᠦᠨ ᠤ ᠭᠠᠳᠠᠷ ᠦᠵᠡᠮᠵᠢ᠂ ᠴᠢᠳᠠᠪᠬᠢ᠂ ᠪᠦᠲᠦᠴᠡ ᠤᠭᠰᠠᠷᠠᠭ᠎ᠠ᠂ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ

ᠡᠰᠡᠬᠦ ᠶᠢ ᠨᠢᠭᠡᠳ ᠨᠢᠭᠡ ᠪᠠᠷ ᠬᠢᠨᠠᠨ ᠬᠠᠷᠭᠤᠭᠤᠯᠪᠠ᠃ ᠡᠭᠦᠨ ᠤ ᠬᠠᠮᠲᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ

ᠲᠣᠭᠲᠠᠭᠠᠯ ᠢ ᠴᠢᠩᠭ᠎ᠠ ᠵᠢᠷᠤᠮᠯᠠᠨ᠂ ᠭᠠᠯ ᠤᠨᠲᠠᠷᠠᠭᠠᠬᠤ ᠦᠢᠯᠡᠳᠬᠦᠨ ᠤ ᠲᠣᠳᠣᠷᠬᠠᠶᠢᠯᠠᠯᠲᠠ ᠶᠢᠨ ᠪᠢᠴᠢᠭ᠂ ᠭᠠᠯ

ᠤᠨᠲᠠᠷᠠᠭᠠᠬᠤ ᠦᠢᠯᠡᠳᠬᠦᠨ ᠤ ᠰᠢᠯᠭᠠᠨ ᠪᠠᠶᠢᠴᠠᠭᠠᠭᠰᠠᠨ ᠮᠡᠳᠡᠭᠦᠯᠦᠯᠲᠡ᠂ ᠦᠶ᠋ᠯᠡᠳᠪᠦᠷᠢᠯᠡᠬᠦ ᠦᠶ᠋ᠯᠡᠳᠪᠦᠷᠢ ᠵᠡᠷᠭᠡ

ᠬᠠᠮᠢᠶ᠎ᠠ ᠪᠥᠬᠦᠶ ᠮᠠᠲ᠋ᠧᠷᠢᠶᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠡᠯ᠎ᠡ ᠵᠦᠶ᠋ᠯ ᠤᠨ ᠭᠠᠯ ᠤᠨᠲᠠᠷᠠᠭᠠᠬᠤ

ᠦᠶ᠋ᠯᠡᠳᠬᠦᠨ ᠤ ︽ᠪᠡᠶ᠎ᠡ ᠶᠢᠨ ᠦᠨᠡᠮᠯᠡᠯ︾ ᠤᠨ ᠲᠡᠮᠳᠡᠭ ᠢ ᠬᠠᠷᠭᠤᠭᠤᠯᠵᠤ᠂ ᠭᠠᠯ ᠤᠨᠲᠠᠷᠠᠭᠠᠬᠤ ᠦᠶ᠋ᠯᠡᠳᠬᠦᠨ ᠤ ᠵᠠᠬ᠎ᠠ

ᠳᠡᠯᠭᠡᠭᠦᠷ ᠤᠨ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠵᠦ᠂ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ

ᠳᠠᠯᠳᠠ ᠬᠡᠮ ᠤᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠤ ᠱᠠᠭᠠᠷᠳᠠᠯᠭ᠎ᠠ ᠶᠢ ᠬᠤᠭᠤᠴᠠᠭ᠎ᠠ

ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃

图片3.png

    ᠬᠤᠸᠠᠳᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨᠠᠯᠲᠠ ᠲᠠᠯᠪᠢᠭᠴᠢ ᠱᠢ

ᠵᠢᠶᠠ ᠵᠢᠶᠧ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠣᠯ ᠭᠠᠯ ᠤᠨᠲᠠᠷᠠᠭᠠᠬᠤ ᠦᠢᠯᠡᠳᠬᠦᠨ ᠤ

ᠭᠦᠢᠯᠭᠡᠭᠡᠨ ᠤ ᠵᠠᠬ᠎ᠠ ᠳᠡᠯᠭᠡᠭᠦᠷ ᠲᠤ ᠴᠢᠭᠯᠡᠭᠦᠯᠦᠨ᠂ ᠬᠠᠤᠯᠢ ᠠᠴᠠ ᠵᠥᠷᠢᠴᠡᠭᠰᠡᠨ ᠳᠤ ᠴᠣᠬᠢᠯᠲᠠ ᠥᠭᠴᠦ᠂ ᠬᠠᠤᠯᠢ ᠳᠤ

ᠨᠡᠶᠢᠴᠡᠬᠦ ᠶᠢ ᠬᠠᠮᠠᠭᠠᠯᠠᠨ᠂ ᠪᠥᠬᠦ ᠰᠢᠶᠠᠨ ᠤ ᠭᠠᠯ ᠤᠨᠲᠠᠷᠠᠭᠠᠬᠤ ᠦᠢᠯᠡᠳᠬᠦᠨ ᠤ ᠵᠠᠬ᠎ᠠ ᠳᠡᠯᠭᠡᠭᠦᠷ ᠤᠨ ᠣᠷᠴᠢᠨ

ᠲᠣᠭᠤᠷᠢᠨ ᠢ ᠴᠡᠪᠡᠷᠰᠢᠭᠦᠯᠬᠦ ᠳᠤ ᠬᠢᠭᠰᠡᠨ ᠨᠢᠭᠡ ᠤᠳᠠᠭᠠᠨ ᠤ ᠬᠠᠮᠲᠤᠷᠠᠭᠰᠠᠨ ᠠᠵᠢᠯᠯᠠᠭ᠎ᠠ ᠮᠥᠨ᠃ ᠬᠤᠶᠢᠰᠢᠳᠠ ᠪᠦᠬᠦ

ᠰᠢᠶᠠᠨ ᠤ ᠭᠠᠯ ᠤᠨᠲᠠᠷᠠᠭᠠᠬᠤ ᠦᠢᠯᠡᠳᠬᠦᠨ ᠤ ᠵᠠᠬ᠎ᠠ ᠳᠡᠯᠭᠡᠭᠦᠷ ᠲᠤ ᠦᠷᠭᠦᠯᠵᠢᠯᠡᠨ ᠨᠢᠭᠡ ᠤᠳᠠᠭᠠᠨ ᠤ ᠬᠠᠮᠲᠤᠷᠠᠨ

ᠴᠡᠭᠴᠡᠯᠡᠨ ᠵᠠᠰᠠᠬᠤ ᠠᠵᠢᠯᠯᠠᠭ᠎ᠠ ᠬᠢᠵᠦ᠂ ᠪᠦᠬᠦ ᠰᠢᠶᠠᠨ ᠤ ᠭᠠᠯ ᠤᠨᠲᠠᠷᠠᠭᠠᠬᠤ ᠵᠠᠬ᠎ᠠ ᠳᠡᠯᠭᠡᠭᠦᠷ ᠤᠨ ᠬᠠᠤᠯᠢ

ᠶᠣᠰᠣᠨ ᠤ ᠪᠥᠭᠡᠳ ᠪᠦᠲᠦᠮᠵᠢᠲᠡᠶ ᠠᠵᠢᠯᠯᠠᠭᠠᠨ ᠢ ᠪᠠᠲᠤᠯᠠᠨ᠎ᠠ᠃

    ᠪᠠᠶᠢᠴᠠᠭᠠᠯᠲᠠ ᠬᠢᠬᠦ ᠶᠢᠨ ᠬᠠᠮᠲᠤ᠂ ᠪᠠᠶᠢᠴᠠᠭᠠᠬᠤ ᠠᠵᠢᠯᠲᠠᠳ ᠪᠠᠰᠠ ᠭᠠᠯ ᠤᠨᠲᠠᠷᠠᠭᠠᠬᠤ ᠦᠢᠯᠡᠳᠬᠦᠨ ᠤ

ᠴᠢᠬᠤᠯᠠ ᠴᠢᠨᠠᠷ ᠢ ᠴᠢᠬᠤᠯᠠᠴᠢᠯᠠᠵᠤ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠤ ᠭᠠᠯ ᠤᠨᠲᠠᠷᠠᠭᠠᠬᠤ

ᠦᠢᠯᠡᠳᠬᠦᠨ ᠤ ᠶᠠᠰᠤ ᠴᠢᠨᠠᠷ ᠤᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠤᠳᠠᠯ ᠬᠠᠭᠤᠷᠮᠠᠭ ᠴᠢᠨᠠᠷ

ᠮᠠᠭᠤ ᠵᠢᠴᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠤ ᠨᠡᠶᠢᠴᠡᠬᠦ ᠥᠬᠡᠶ ᠭᠠᠯ ᠤᠨᠲᠠᠷᠠᠭᠠᠬᠤ

ᠦᠢᠯᠡᠳᠬᠦᠨ ᠢ ᠤᠬᠠᠮᠰᠠᠷ ᠠᠴᠠ ᠪᠠᠨ ᠬᠤᠷᠢᠭᠯᠠᠵᠤ᠂ ᠭᠠᠯ ᠤᠨᠲᠠᠷᠠᠭᠠᠬᠤ ᠦᠢᠯᠡᠳᠬᠦᠨ ᠤ ᠵᠠᠬ᠎ᠠ ᠳᠡᠯᠭᠡᠭᠦᠷ ᠢ ᠪᠥᠬᠦ

ᠲᠠᠯ᠎ᠠ ᠪᠠᠷ ᠵᠢᠷᠤᠮᠵᠢᠭᠤᠯᠤᠨ᠂ ᠨᠡᠶᠢᠭᠡᠮ ᠤᠨ ᠲᠣᠭᠲᠠᠭᠤᠨ ᠪᠠ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ

ᠬᠠᠮᠠᠭᠠᠯᠠᠬᠤ ᠳᠤ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠪᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2