ᠬᠤᠸᠠᠳᠧ ᠰᠢᠶᠠᠨ ᠤ ᠤᠯᠤᠰ ᠲᠥᠷᠥ ᠶᠢᠨ ᠵᠥᠪᠯᠡᠯᠭᠡᠨ ︽ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠪᠠᠶᠢᠭᠤᠯᠤᠯᠲᠠ ᠶᠢ ᠴᠢᠩᠭᠠᠳᠬᠠᠵᠤ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ᠲᠤᠰᠬᠠᠶ ᠰᠡᠳᠦᠪᠲᠦ ᠵᠥᠪᠳᠡᠯᠴᠡᠨ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/13

   ᠨᠡᠶᠢᠭᠡᠮ ᠤᠨ ᠠᠵᠢᠯ ᠤᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠬᠤ ᠶᠢᠨ ᠲᠥᠯᠥᠭᠡ᠂

ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂

ᠦᠨᠳᠦᠰᠦᠨ ᠱᠠᠲᠤᠨ ᠤ ᠵᠠᠰᠠᠯᠲᠠ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠬᠠᠶᠢᠨ ᠰᠦᠪᠡᠭᠴᠢᠯᠡᠨ᠎ᠡ᠃

12 ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ᠂ ᠬᠤᠸᠠᠳᠧ ᠰᠢᠶᠠᠨ ᠤ ᠤᠯᠤᠰ ᠲᠥᠷᠥ ᠶᠢᠨ

ᠵᠥᠪᠯᠡᠯᠭᠡᠨ ︽ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢᠨ ᠪᠠᠶᠢᠭᠤᠯᠤᠯᠲᠠ ᠶᠢ ᠴᠢᠩᠭᠠᠳᠬᠠᠵᠤ ᠬᠥᠳᠡᠭᠡ

ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ᠲᠣᠭᠤᠷᠢᠨ ᠳᠤ ᠲᠤᠰᠬᠠᠶ ᠰᠡᠳᠦᠪᠲᠦ ᠵᠥᠪᠯᠡᠯᠭᠡ

ᠬᠢᠵᠦ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃

1734130586795064979.jpg

    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳᠣᠯᠣᠳᠤᠭᠠᠷ ᠪᠠᠯᠭᠠᠰᠤ᠂ ᠳᠡᠪᠡᠭᠡᠲᠤ

ᠰᠢᠶᠠᠩ᠂ ᠪᠠᠶᠠᠨᠲᠠᠯ᠎ᠠ ᠰᠢᠶᠠᠩ ᠵᠡᠷᠭᠡ ᠪᠦᠬᠦ ᠰᠢᠶᠠᠨ ᠤ 6 ᠰᠢᠶᠠᠩ ᠪᠠᠯᠭᠠᠰᠤᠨ ᠤ 12 ᠵᠠᠰᠠᠭ ᠵᠠᠬᠢᠷᠭᠠᠨ ᠤ

ᠲᠣᠰᠬᠤᠨ ᠳᠤ ᠬᠦᠷᠴᠦ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠵᠢᠴᠢ ᠬᠡᠰᠡᠭ ᠤᠯᠠᠨ ᠲᠦᠮᠡᠨ ᠤ

ᠲᠥᠯᠥᠭᠡᠯᠡᠭᠴᠢ ᠲᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠵᠤ᠂ ᠲᠣᠰᠬᠤᠨ ᠨᠢᠭᠡᠪᠦᠷᠢ ᠶᠢᠨ ᠲᠣᠭᠲᠠᠭᠠᠯ

ᠠᠷᠠᠳ ᠤᠨ ᠭᠡᠷ᠎ᠡ ᠶᠢᠨ ᠪᠠᠶᠢᠭᠤᠯᠤᠯᠲᠠ ᠳᠤ ᠵᠠᠰᠠᠯᠲᠠ ᠶᠢᠨ ᠲᠤᠷᠰᠢᠯᠭ᠎ᠠ ᠠᠷᠭ᠎ᠠ ᠬᠢᠳᠡᠯ ᠵᠢᠴᠢ ᠣᠷᠣᠰᠢᠵᠤ ᠪᠠᠶᠢᠭ᠎ᠠ

ᠠᠰᠠᠭᠤᠳᠠᠯ ᠪᠣᠯᠤᠨ ᠬᠦᠴᠢᠷᠳᠡᠯ ᠢ ᠨᠠᠷᠢᠨ ᠣᠶᠢᠯᠠᠭᠠᠬᠤ ᠶᠢᠨ ᠬᠠᠮᠲᠤ ᠲᠤᠰ ᠠᠵᠢᠯ ᠢ ᠠᠬᠢᠭᠤᠯᠬᠤ ᠰᠠᠨᠠᠯ

ᠰᠠᠨᠠᠭᠤᠯᠭ᠎ᠠ ᠶᠢ ᠬᠤᠷᠢᠶᠠᠪᠠ᠃

    ᠡᠯ᠎ᠡ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢᠨ ᠪᠠᠶᠢᠭᠤᠯᠤᠯᠲᠠ ᠶᠢᠨ ᠠᠵᠢᠯ ᠤᠨ ᠣᠳᠣᠬᠢ ᠪᠠᠶᠢᠳᠠᠯ ᠢ

ᠭᠦᠢᠴᠡᠳ ᠣᠶᠢᠯᠠᠭᠠᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠲᠣᠰᠬᠤᠨ ᠤ ᠲᠣᠭᠲᠠᠭᠠᠯ

ᠠᠷᠠᠳ ᠤᠨ ᠭᠡᠷ᠎ᠡ ᠨᠢ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠰᠠᠶᠢᠨ

ᠳᠤᠷ᠎ᠠ ᠠᠴᠠ ᠪᠠᠨ ᠲᠣᠭᠲᠠᠭᠠᠬᠤ᠂ ᠬᠠᠮᠲᠤ ᠪᠠᠷ ᠵᠢᠷᠤᠮᠯᠠᠬᠤ ᠪᠠᠷᠢᠮᠵᠢᠶ᠎ᠠ ᠪᠣᠯᠤᠭᠰᠠᠨ ᠤ ᠬᠤᠪᠢ ᠳᠤ᠂ ᠬᠥᠳᠡᠭᠡ

ᠲᠣᠰᠬᠤᠨ ᠤ ᠵᠠᠰᠠᠯᠲᠠ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠂ ᠡᠯ᠎ᠡ ᠲᠣᠰᠬᠤᠨ ᠤ ᠬᠢᠨ ᠲᠣᠰᠬᠤᠨ ᠤ

ᠲᠣᠭᠲᠠᠭᠠᠯ ᠠᠷᠠᠳ ᠤᠨ ᠭᠡᠷ᠎ᠡ ᠶᠢ ᠬᠥᠳᠡᠭᠡ ᠲᠣᠰᠬᠤᠨ ᠤ ᠠᠷᠠᠳᠴᠢᠯᠠᠯ ᠢ ᠢᠳᠡᠪᠬᠢᠲᠡᠢ ᠬᠥᠭᠵᠢᠭᠦᠯᠬᠦ᠂ ᠨᠡᠶᠢᠭᠡᠮ ᠤᠨ

ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ

ᠲᠠᠯ᠎ᠠ ᠪᠠᠷ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠦᠨᠳᠦᠷᠴᠡ ᠳᠤ ᠬᠦᠷᠲᠡᠯ᠎ᠡ ᠳᠡᠭᠡᠭᠰᠢᠯᠡᠭᠦᠯᠬᠦ ᠬᠡᠷᠡᠭᠲᠡᠢ ᠭᠡᠵᠦ

ᠵᠢᠭᠠᠵᠤ ᠭᠠᠷᠭᠠᠪᠠ᠃ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠤᠯᠠᠨ ᠲᠦᠮᠡᠨ ᠤ

ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠬᠤ᠂ ᠲᠣᠰᠬᠤᠨ ᠤ ︽ᠬᠤᠶᠠᠷ ᠵᠥᠪᠯᠡᠯ︾ ᠢ ᠬᠦᠳᠦᠯᠦᠨ

ᠳᠠᠭᠠᠭᠤᠯᠵᠤ ᠠᠬᠢᠭᠤᠯᠬᠤ ᠶᠢ ᠪᠠᠷᠢᠮᠲᠠᠯᠠᠬᠤ᠂ ᠬᠠᠤᠯᠢᠵᠢᠯ ᠤᠨ ᠪᠠᠲᠤᠯᠠᠭ᠎ᠠ ᠶᠢ ᠪᠠᠷᠢᠮᠲᠠᠯᠠᠬᠤ᠂ ᠲᠣᠰᠬᠤᠨ ᠤ ᠲᠦᠷᠢᠮ

ᠠᠷᠠᠳ ᠤᠨ ᠭᠡᠷ᠎ᠡ ᠶᠢ ᠵᠢᠷᠤᠮᠵᠢᠭᠤᠯᠤᠨ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠲᠡᠭᠦᠨ ᠢ ᠡᠯ᠎ᠡ ᠵᠦᠢᠯ ᠤᠨ ᠠᠵᠢᠯ ᠢ

ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠬᠡᠷᠡᠭᠲᠡᠢ᠃

   ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋

ᠲᠡᠷᠢᠭᠦᠯᠡᠭᠴᠢ ᠵᠠᠩ ᠱᠢ ᠶᠢᠩ᠂ ᠨᠡᠶᠢᠭᠡᠮ ᠤᠨ ᠰᠢᠨᠵᠢᠯᠡᠬᠦ ᠤᠬᠠᠭᠠᠨ ᠤ ᠵᠥᠪᠯᠡᠯ ᠤᠨ ᠡᠷᠬᠢᠯᠡᠭᠴᠢ ᠳ᠋ᠢᠩ ᠰᠢ ᠮᠢᠨ᠂

ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠰᠦᠨ ᡁᠢ ᠵᠢᠶᠦ᠋ᠨ᠂ ᠬᠡᠰᠡᠭ ᠤᠯᠤᠰ ᠲᠦᠷᠦ ᠶᠢᠨ ᠵᠥᠪᠯᠡᠯᠭᠡᠨ ᠤ

ᠭᠡᠰᠢᠭᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ

ᠣᠷᠣᠯᠴᠠᠪᠠ᠃

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2