ᠰᠢᠤᠸᠠᠢ ᠹᠧᠩ ᠴᠢᠩ ᠬᠡᠰᠡᠭ ᠰᠢᠶᠠᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/12/16

   12 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠳᠡᠪᠡᠭᠡᠲᠤ

ᠰᠢᠶᠠᠩ᠂ ᠭᠦᠨᠤᠯᠠᠭᠠᠨᠬᠤᠳᠳᠤᠭ ᠰᠢᠶᠠᠩ᠂ ᠴᠤᠤᠶᠠᠩ ᠪᠠᠯᠭᠠᠰᠤᠨ ᠳᠤ ᠭᠦᠨᠵᠡᠭᠡᠶᠢᠷᠡᠨ ᠠᠵᠤ ᠦᠢᠯᠡᠰ ᠤᠨ ᠬᠥᠭᠵᠢᠯᠲᠡ

ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠶᠢᠴᠠᠭᠠᠨ

ᠰᠤᠳᠤᠯᠪᠠ᠃

    ᠰᠢᠤᠸᠠᠢ ᠹᠧᠩ ᠴᠢᠩ ᠤᠷᠢᠳ ᠬᠤᠵᠢᠳ ᠳᠡᠪᠡᠭᠡᠲᠤ ᠰᠢᠶᠠᠩ ᠤᠨ ᠳᠠᠭᠤᠯᠠᠭᠴᠢ ᠲᠣᠰᠬᠤᠨ᠂ ᠬᠠᠰᠢᠶᠠᠲᠤ

ᠲᠣᠰᠬᠤᠨ᠂ ᠭᠦᠨᠤᠯᠠᠭᠠᠨᠬᠤᠳᠳᠤᠭ ᠰᠢᠶᠠᠩ ᠤᠨ ᠮᠢᠨ ᠵᠦ ᠲᠣᠰᠬᠤᠨ᠂ ᠴᠤᠤᠶᠠᠩ ᠪᠠᠯᠭᠠᠰᠤᠨ ᠤ ᠰᠢᠨ ᠷᠦᠩ

ᠲᠣᠰᠬᠤᠨ ᠳᠤ ᠬᠦᠷᠴᠦ ᠠᠵᠤ ᠦᠢᠯᠡᠰ ᠤᠨ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ

ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ

ᠪᠦᠲᠦᠮᠵᠢᠲᠡᠢ ᠵᠣᠯᠭᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃

    ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠰᠢᠤᠸᠠᠢ ᠹᠧᠩ ᠴᠢᠩ ᠰᠢᠶᠠᠩ᠂ ᠲᠣᠰᠬᠤᠨ ᠬᠤᠶᠠᠷ ᠱᠠᠲᠤᠨ ᠤ ᠺᠠᠳ᠋ᠷ

ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠠᠮᠢᠶ᠎ᠠ ᠪᠦᠬᠦᠢ

ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃ ᠡᠭᠦᠨ ᠤ ᠳᠠᠷᠠᠭ᠎ᠠ᠂

ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠶᠢ ᠰᠤᠷᠪᠤᠯᠵᠢᠯᠠᠵᠤ᠂ ᠡᠯ᠎ᠡ ᠵᠦᠢᠯ ᠤᠨ ᠲᠥᠷᠥ ᠶᠢᠨ

ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠪᠠ

ᠬᠠᠨᠤᠮᠵᠢ ᠶᠢᠨ ᠬᠡᠮᠵᠢᠶ᠎ᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃

    ᠰᠢᠤᠸᠠᠢ ᠹᠧᠩ ᠴᠢᠩ ᠬᠡᠯᠡᠬᠦ ᠳᠡᠭᠡᠨ᠂ ᠡᠯ᠎ᠡ ᠰᠢᠶᠠᠩ ᠪᠠᠯᠭᠠᠰᠤ ᠤᠯᠤᠰ ᠤᠨ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠭᠤᠣᠯᠳᠠᠯᠭ᠎ᠠ

ᠶᠣᠰᠣᠭᠠᠷ᠂ ᠵᠢᠭᠰᠠᠭᠠᠨ ᠪᠠᠶᠢᠴᠠᠭᠠᠬᠤ᠂ ᠢᠯᠭᠠᠨ ᠲᠠᠨᠢᠬᠤ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠵᠠᠩᠭᠢᠯᠠᠭ᠎ᠠ ᠶᠢᠨ

ᠭᠤᠭᠴᠤᠭ᠎ᠠ ᠶᠢ ᠴᠢᠩᠭ᠎ᠠ ᠠᠩᠬᠠᠷᠴᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ

ᠥᠷᠨᠢᠭᠦᠯᠵᠦ᠂ ᠠᠵᠢᠯ ᠤᠨ ᠳᠤᠮᠳᠠᠬᠢ ᠲᠦᠭᠵᠢᠷᠡᠯ᠂ ᠬᠦᠴᠢᠷᠳᠡᠯ᠂ ᠳᠤᠲᠠᠭᠳᠠᠯ ᠢ ᠡᠷᠢᠵᠦ᠂ ᠳᠤᠲᠠᠭᠤᠳᠠᠯ ᠪᠠᠭᠤᠷᠠᠢ

ᠲᠠᠯ᠎ᠠ ᠪᠠᠨ ᠨᠥᠬᠦᠪᠥᠷᠢᠯᠡᠵᠦ᠂ ᠡᠯ᠎ᠡ ᠵᠦᠢᠯ ᠤᠨ ᠠᠵᠢᠯ ᠢ ᠦᠵᠡᠵᠦ ᠳᠡᠶᠢᠯᠬᠦ᠂ ᠲᠤᠭ᠎ᠠ ᠪᠠᠷᠢᠮᠲᠠ ᠶᠢ ᠳᠠᠭᠠᠭᠠᠵᠤ

ᠳᠡᠶᠢᠯᠬᠦ᠂ ᠦᠷ᠎ᠡ ᠪᠦᠲᠦᠮᠵᠢ ᠶᠢ ᠰᠢᠯᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠲᠣᠰᠬᠤᠨ ᠤ ᠬᠠᠮᠲᠤ ᠶᠢᠨ ᠠᠵᠤ

ᠠᠬᠤᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠠᠮᠢᠶᠠᠷᠤᠯᠲᠠ ᠪᠣᠯᠤᠨ ᠡᠵᠡᠩᠨᠡᠯᠲᠡ ᠶᠢᠨ ᠠᠵᠢᠯ ᠢ

ᠦᠨᠡᠨᠬᠦ ᠰᠠᠶᠢᠲᠤᠷ ᠠᠳᠬᠤᠵᠤ᠂ ᠠᠳᠠᠯᠢ ᠪᠤᠰᠤ ᠣᠷᠣᠨ ᠪᠠᠶᠢᠷᠢ ᠶᠢᠨ ᠳᠠᠪᠠᠭᠤᠯᠢᠭ ᠪᠣᠯᠤᠨ ᠡᠬᠢ ᠪᠠᠶᠠᠯᠢᠭ ᠤᠨ

ᠳᠠᠪᠠᠭᠤᠯᠢᠭ ᠲᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠣᠨᠴᠠᠯᠢᠭ ᠲᠠᠢ᠂ ᠵᠠᠬ᠎ᠠ

ᠳᠡᠯᠭᠡᠭᠦᠷ ᠲᠠᠢ᠂ ᠦᠷ᠎ᠡ ᠠᠰᠢᠭ ᠲᠠᠢ ᠠᠵᠤ ᠦᠢᠯᠡᠰ ᠢ ᠬᠥᠭᠵᠢᠭᠦᠯᠵᠦ᠂ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢᠶᠠᠨ

ᠲᠠᠰᠤᠷᠠᠯᠳᠠ ᠦᠭᠡᠢ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ

ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠦᠨᠳᠦᠰᠦᠨ ᠱᠠᠲᠤᠨ ᠤ ᠤᠳᠤᠷᠢᠳᠬᠤ

ᠪᠠᠭ ᠤᠨ ᠪᠠᠶᠢᠭᠤᠯᠤᠯᠲᠠ ᠪᠣᠯᠤᠨ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠺᠠᠳ᠋ᠷ

ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠭᠤᠣᠯᠳᠠᠯᠭ᠎ᠠ ᠲᠠᠢ ᠠᠵᠢᠯ ᠢ ᠲᠥᠯᠥᠪᠵᠢᠭᠦᠯᠦᠨ ᠠᠬᠢᠭᠤᠯᠵᠤ᠂

ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠪᠦᠬᠦ ᠬᠦᠴᠦᠨ ᠢᠶᠠᠷ ᠢᠶᠠᠨ ᠡᠭᠦᠳᠴᠦ᠂ ᠦᠨᠡᠨ ᠪᠣᠳᠠᠲᠠᠢ ᠠᠵᠢᠯ ᠤᠨ

ᠦᠷ᠎ᠡ ᠪᠦᠲᠦᠮᠵᠢ ᠪᠠᠷ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠣᠯᠤᠨ ᠬᠦᠷᠲᠡᠮᠵᠢ ᠶᠢᠨ ᠲᠦᠷᠦᠭᠳᠡᠯ ᠢ

ᠳᠡᠭᠡᠭᠰᠢᠯᠡᠭᠦᠯᠬᠦ ᠬᠡᠷᠡᠭᠲᠡᠢ᠃

    ᠰᠦᠩ ᡁᠢ ᠹᠠᠩ᠂ ᠦ᠋ ᡁᠢ ᠢᠦᠢ᠂ ᠭᠦᠸᠧ ᠬᠤᠩ ᡁᠢ ᠣᠷᠣᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2