ᠰᠢᠤᠸᠠᠢ ᠹᠧᠩ ᠴᠢᠩ ᠬᠤᠲᠠ ᠪᠠᠯᠭᠠᠰᠤᠨ ᠤ ᠢᠯᠴᠢ ᠬᠠᠩᠭᠠᠬᠤ ᠵᠢᠴᠢ ᠠᠶᠤᠯᠭᠦᠶ ᠦᠶ᠋ᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/16

    12 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠢᠯᠴᠢ

ᠬᠠᠩᠭᠠᠬᠤ ᠠᠵᠤ ᠠᠬᠤᠶᠢᠯᠠᠯ ᠪᠣᠯᠤᠨ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ ᠬᠤᠲᠠ ᠪᠠᠯᠭᠠᠰᠤᠨ ᠤ

ᠢᠯᠴᠢ ᠬᠠᠩᠭᠠᠬᠤ ᠵᠢᠴᠢ ᠠᠶᠤᠯᠭᠦᠶ ᠦᠶ᠋ᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃

    ᠰᠢᠤᠸᠠᠢ ᠹᠧᠩ ᠴᠢᠩ ᠤᠷᠢᠳ ᠬᠤᠵᠢᠳ ᠶᠤᠸᠠᠨ ᠲᠦᠩ ᠢᠯᠴᠢ ᠶᠢᠨ ᠬᠦᠴᠦᠨ ᠤ ᠺᠣᠮᠫᠠᠨᠢ᠂ ᠵᠡᠪᠰᠡᠭᠲᠦ

ᠬᠦᠴᠦᠨ ᠤ ᠬᠡᠯᠲᠡᠰ ᠤᠨ ᠳ᠋ᠦᠩ ᠢᠯᠴᠢ ᠰᠣᠯᠢᠯᠴᠠᠬᠤ ᠥᠷᠲᠡᠭᠡ᠂ ᠳ᠋ᠧ ᠱᠧᠩ ᠶᠤᠸᠠᠨ ᠢᠯᠴᠢ ᠶᠢᠨ ᠬᠦᠴᠦᠨ ᠤ

ᠺᠣᠮᠫᠠᠨᠢ᠂ ᠰᠢᠩ ᠳ᠋ᠧ ᠢᠯᠴᠢ ᠶᠢᠨ ᠬᠦᠴᠦᠨ ᠤ ᠺᠣᠮᠫᠠᠨᠢ᠂ ᠱᠧᠨ ᠰᠢᠩ ᠢᠯᠴᠢ ᠶᠢᠨ ᠬᠦᠴᠦᠨ ᠤ ᠺᠣᠮᠫᠠᠨᠢ᠂ ᠲᠠᠯ᠎ᠠ

ᠨᠤᠲᠤᠭ ᠤᠨ ᠯᠢ ᠳ᠋ᠦ᠋ ᠵᠢᠵᠢᠭ ᠲᠣᠭᠤᠷᠢᠭ ᠤᠨ ᠢᠯᠴᠢ ᠰᠣᠯᠢᠬᠤ ᠥᠷᠲᠡᠭᠡ ᠳᠤ ᠭᠦᠨᠵᠡᠭᠡᠶᠢᠷᠡᠵᠦ᠂ ᠢᠯᠴᠢ

ᠬᠠᠩᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠲᠤᠬᠠᠶ ᠶᠢᠨ ᠲᠠᠯᠠᠪᠤᠷ ᠲᠤ

ᠢᠯᠴᠢ ᠬᠠᠩᠭᠠᠬᠤ ᠰᠢᠰᠲ᠋ᠧᠮ ᠤᠨ ᠴᠠᠭ ᠲᠤᠬᠠᠶ ᠳᠤᠨᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠪᠠᠶᠢᠴᠠᠭᠠᠨ ᠦᠵᠡᠵᠦ᠂

ᠨᠡᠭᠦᠷᠡᠰᠦ ᠨᠥᠭᠡᠴᠡᠯᠡᠬᠦ᠂ ᠢᠯᠴᠢ ᠬᠠᠩᠭᠠᠬᠤ ᠲᠠᠯᠠᠪᠠᠶ᠂ ᠢᠯᠴᠢ ᠬᠠᠩᠭᠠᠬᠤ ᠬᠤᠭᠤᠯᠠᠶ᠂ ᠢᠯᠴᠢ ᠰᠣᠯᠢᠯᠴᠠᠬᠤ

ᠥᠷᠲᠡᠭᠡ ᠶᠢᠨ ᠠᠵᠢᠯᠯᠠᠭᠠᠨ ᠪᠠ ᠠᠶᠤᠯᠭᠦᠶ ᠦᠶ᠋ᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂

ᠨᠢᠭᠡᠳᠦᠭᠡᠷ ᠪᠦᠷᠢᠨ ᠪᠠᠭ᠎ᠠ ᠰᠤᠷᠭᠠᠭᠤᠯᠢ᠂ ᠨᠡᠭᠦᠳᠡᠯ ᠠᠷᠠᠳ ᠤᠨ ᠬᠤᠶᠠᠳᠤᠭᠠᠷ ᠬᠤᠭᠤᠴᠠᠭᠠᠨ ᠤ ᠰᠠᠭᠤᠭᠠᠯᠢ ᠠᠷᠠᠳ ᠢ

ᠰᠤᠷᠪᠤᠯᠵᠢᠯᠠᠵᠤ᠂ ᠢᠯᠴᠢ ᠬᠠᠩᠭᠠᠭᠰᠠᠨ ᠪᠠᠶᠢᠳᠠᠯ ᠢ ᠨᠠᠷᠢᠨ ᠣᠶᠢᠯᠠᠭᠠᠵᠤ᠂ ᠬᠡᠷ ᠳᠣᠲᠣᠷᠠᠬᠢ ᠪᠠ ᠡᠷᠦᠬᠡ ᠳᠤ ᠣᠷᠣᠬᠤ

ᠬᠤᠭᠤᠯᠠᠶ ᠶᠢᠨ ᠳᠤᠯᠠᠭᠠᠨ ᠤ ᠬᠡᠮᠵᠢᠶ᠎ᠡ ᠶᠢ ᠬᠡᠮᠵᠢᠪᠡ᠃

    ᠰᠢᠤᠸᠠᠢ ᠹᠧᠩ ᠴᠢᠩ ᠬᠡᠯᠡᠬᠦ ᠳᠡᠭᠡᠨ᠂ ᠡᠪᠦᠯ ᠤᠨ ᠤᠯᠠᠷᠢᠯ ᠤᠨ ᠢᠯᠴᠢ ᠬᠠᠩᠭᠠᠬᠤ ᠨᠢ ᠲᠦᠭ ᠲᠦᠮᠡᠨ ᠠᠶᠢᠯ

ᠡᠷᠦᠬᠡ ᠳᠤ ᠬᠤᠯᠪᠣᠭᠳᠠᠵᠤ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ᠂ ᠵᠣᠯ ᠵᠢᠷᠭᠠᠯ ᠤᠨ ᠵᠢᠭᠠᠯᠲᠠ

ᠲᠤᠭ᠎ᠠ ᠳᠤ ᠬᠤᠯᠪᠣᠭᠳᠠᠵᠤ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠪᠣᠯ ᠴᠢᠬᠤᠯᠠ

ᠠᠷᠠᠳ ᠤᠨ ᠠᠮᠢᠳᠤᠷᠠᠯ ᠤᠨ ᠠᠰᠠᠭᠤᠳᠠᠯ ᠮᠥᠨ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ

ᠪᠠᠶᠢᠭᠤᠯᠤᠯᠲᠠ ᠶᠢᠨ ᠰᠠᠯᠠᠭ᠎ᠠ ᠮᠥᠴᠢᠷ ᠪᠣᠯᠤᠨ ᠢᠯᠴᠢ ᠬᠠᠩᠭᠠᠬᠤ ᠠᠵᠤ ᠠᠬᠤᠶᠢᠯᠠᠯ ᠤᠳ ᠣᠯᠠᠨ ᠲᠦᠮᠡᠨ ᠤ

ᠬᠠᠯᠠᠭᠤᠨ ᠳᠤᠯᠠᠭᠠᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂

ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠢᠯᠴᠢ ᠬᠠᠩᠭᠠᠬᠤ ᠪᠠᠲᠤᠯᠠᠭ᠎ᠠ ᠶᠢᠨ ᠡᠯ᠎ᠡ ᠵᠦᠢᠯ ᠤᠨ ᠠᠵᠢᠯ ᠢ

ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠳᠤᠯᠠᠭᠠᠨ ᠤ ᠬᠡᠮᠵᠢᠶ᠎ᠡ᠂ ᠳᠠᠷᠤᠯᠲᠠ᠂ ᠤᠷᠤᠰᠬᠠᠯ ᠤᠨ ᠬᠡᠮᠵᠢᠶ᠎ᠡ ᠵᠡᠷᠭᠡ

ᠵᠠᠩᠭᠢᠯᠠᠭ᠎ᠠ ᠶᠢᠨ ᠪᠣᠯᠵᠣᠯᠲᠤ ᠲᠤᠭ᠎ᠠ ᠶᠢ ᠴᠢᠩᠭ᠎ᠠ ᠠᠩᠬᠠᠷᠴᠤ᠂ ᠴᠠᠭ ᠲᠤᠬᠠᠶ ᠳᠤᠨᠢ ᠬᠢᠨᠠᠨ ᠬᠡᠮᠵᠢᠬᠦ ᠪᠠ

ᠲᠣᠬᠢᠷᠠᠭᠤᠯᠬᠤ ᠶᠢ ᠰᠠᠶᠢᠲᠤᠷ ᠬᠢᠵᠦ᠂ ᠢᠯᠴᠢ ᠶᠢᠨ ᠢᠷᠡᠯᠲᠡ᠂ ᠬᠤᠭᠤᠯᠠᠶ ᠶᠢᠨ ᠲᠣᠤᠷ᠂ ᠢᠯᠴᠢ ᠰᠣᠯᠢᠯᠴᠠᠬᠤ

ᠥᠷᠲᠡᠭᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳᠦᠷ ᠲᠤᠲᠤᠮ ᠤᠨ ᠲᠥᠬᠦᠭᠡᠷᠦᠮᠵᠢ ᠶᠢ

ᠬᠠᠮᠠᠭᠠᠯᠠᠵᠤ ᠰᠡᠯᠪᠢᠨ ᠵᠠᠰᠠᠬᠤ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠰᠠᠶᠢᠲᠤᠷ ᠠᠳᠬᠤᠵᠤ᠂ ᠢᠯᠴᠢ

ᠬᠠᠩᠭᠠᠬᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃

ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠲᠤᠰᠬᠠᠭᠰᠠᠨ

ᠢᠯᠴᠢ ᠬᠠᠩᠭᠠᠬᠤ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠬᠦ ᠪᠠ ᠰᠢᠢᠳᠪᠦᠷᠢᠯᠡᠵᠦ᠂ ᠠᠷᠠᠳ

ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2