ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠄ ᠠᠵᠤ ᠠᠬᠤᠶᠢᠯᠠᠯ ᠳᠤ ᠬᠤᠯᠪᠣᠭᠳᠠᠬᠤ ᠦᠶ᠋ᠯᠡᠴᠢᠯᠡᠭᠡᠨ ᠤ ᠳᠥᠭᠦᠮᠴᠢᠯᠡᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2024/12/18

   ᠡᠨᠡ ᠵᠢᠯ ᠠᠴᠠ ᠨᠠᠰᠢ᠂ ᠮᠠᠨ ᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ

ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠳᠤ ᠠᠰᠢᠭ

ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠵᠣᠷᠢᠯᠲᠠ ᠶᠢ ᠪᠠᠷᠢᠮᠲᠠᠯᠠᠵᠤ᠂ ︽ᠵᠥᠭᠡᠯᠡᠨ ᠣᠷᠴᠢᠨ ᠨᠥᠬᠦᠴᠡᠯ ᠪᠣᠯ

ᠬᠠᠲᠠᠭᠤ ᠪᠣᠳᠠᠲᠤ ᠬᠦᠴᠦᠨ ᠮᠥᠨ︾ ᠭᠡᠬᠦ ᠣᠶᠢᠯᠠᠭᠠᠭᠳᠠᠬᠤᠨ ᠢ ᠪᠠᠷᠢᠮᠲᠠᠯᠠᠨ᠂ ᠦᠢᠯᠡᠴᠢᠯᠡᠭᠡᠨ ᠤ ᠣᠪᠣᠷ᠂

ᠦᠢᠯᠡᠴᠢᠯᠡᠭᠡᠨ ᠤ ᠠᠷᠭ᠎ᠠ ᠬᠡᠯᠪᠡᠷᠢ᠂ ᠠᠵᠢᠯ ᠤᠨ ᠰᠤᠷᠲᠠᠯ ᠵᠡᠷᠭᠡ ᠲᠠᠯ᠎ᠠ ᠪᠠᠷ ᠬᠦᠴᠦᠯᠡᠨ ᠰᠠᠶᠢᠵᠢᠷᠠᠭᠤᠯᠵᠤ᠂ ᠠᠵᠤ

ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠴᠢᠨᠠᠷ ᠰᠠᠶᠢᠲᠠᠶ

ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠪᠠ᠃

    ᠨᠢᠭᠡ ᠳᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠮᠵᠢᠯᠴᠠᠨ ᠠᠬᠢᠭᠤᠯᠤᠨ᠎ᠠ᠃ ᠡᠵᠡᠩᠨᠡᠯᠲᠡ ᠶᠢᠨ ᠭᠤᠣᠯ

ᠴᠣᠭᠴᠠ ᠶᠢ ᠪᠠᠶᠢᠭᠤᠯᠬᠤ᠂ ᠬᠤᠪᠢᠷᠠᠭᠤᠯᠬᠤ ᠠᠴᠠ ᠬᠦᠴᠦᠨ ᠦᠭᠡᠢ ᠪᠣᠯᠭᠠᠬᠤ ᠬᠦᠷᠲᠡᠯᠡᠬᠢ ᠪᠦᠬᠦ ᠦᠶᠡᠯᠡᠯ ᠤᠨ

ᠬᠤᠭᠤᠴᠠᠭᠠᠨ ᠤ ᠲᠣᠭᠤᠷᠢᠨ ᠳᠤ᠂ ᠠᠵᠤ ᠠᠬᠤᠶᠢᠯᠠᠯ ᠳᠤ ᠬᠤᠯᠪᠣᠭᠳᠠᠬᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ

ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠨᠢᠭᠡ ᠶᠠᠪᠤᠳᠠᠯ ᠢ ᠥᠨᠳᠥᠷ

ᠪᠦᠲᠦᠮᠵᠢᠲᠡᠶ ᠪᠠᠷ ᠭᠦᠢᠴᠡᠳᠬᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠭᠤᠶᠤᠴᠢᠯᠠᠨ ᠮᠡᠳᠡᠭᠦᠯᠬᠦ᠂ ᠭᠥᠯᠢᠶᠡᠨ

ᠠᠪᠴᠤ ᠰᠢᠢᠳᠪᠦᠷᠢᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠬᠠᠮᠢᠶ᠎ᠠ ᠪᠥᠬᠦᠶ ᠵᠦᠢᠯᠡᠰ ᠤᠨ ︽ᠨᠢᠭᠡ

ᠤᠳᠠᠭ᠎ᠠ ᠳᠤ ᠭᠤᠶᠤᠴᠢᠯᠠᠨ ᠮᠡᠳᠡᠭᠦᠯᠬᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂

ᠳᠣᠲᠣᠭᠠᠳᠤ ᠳᠠᠭᠠᠨ ᠡᠷᠭᠢᠯᠳᠦᠭᠦᠯᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ︾ ᠶᠢ ᠪᠡᠶᠡᠯᠡᠭᠦᠯᠵᠦ᠂ ᠠᠵᠢᠯ ᠶᠠᠪᠤᠳᠠᠯ

ᠭᠦᠢᠴᠡᠳᠬᠡᠬᠦ ᠲᠠᠰ ᠳᠠᠷᠠᠭᠠᠯᠠᠯ ᠢ ᠶᠡᠭᠡ ᠪᠠᠷ ᠳᠥᠭᠦᠮᠴᠢᠯᠡᠵᠦ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ

ᠰᠢᠯᠢᠳᠡᠭᠵᠢᠭᠦᠯᠪᠡ᠃ ᠡᠨᠡ ᠵᠢᠯ ᠠᠴᠠ ᠨᠠᠰᠢ᠂ ᠰᠢᠢᠳᠪᠦᠷᠢᠯᠡᠭᠰᠡᠨ ᠬᠡᠮᠵᠢᠶ᠎ᠡ ᠨᠢ ᠨᠡᠶᠢᠲᠡ 472 ᠬᠤᠪᠢ ᠬᠦᠷᠴᠦ᠃

    ᠬᠤᠶᠠᠷ ᠲᠤ᠂ ᠳᠤᠲᠠᠭᠤ ᠶᠢ ᠬᠦᠯᠢᠶᠡᠨ ᠠᠪᠴᠤ᠂ ᠲᠥᠪᠯᠡᠷᠡᠭᠦᠯᠦᠨ ᠬᠢᠨᠠᠨ ᠵᠥᠪᠰᠢᠶᠡᠷᠡᠨ᠎ᠡ᠃ ᠳᠤᠲᠠᠭᠤ ᠶᠢ

ᠪᠠᠭᠲᠠᠭᠠᠬᠤ ᠪᠠᠷ ᠬᠦᠯᠢᠶᠡᠨ ᠠᠪᠴᠤ ᠰᠢᠢᠳᠪᠦᠷᠢᠯᠡᠬᠦ ᠪᠠ ᠮᠡᠳᠡᠭᠳᠡᠬᠦ ᠠᠮᠠᠯᠠᠯᠲᠠ ᠶᠢᠨ ᠳᠦᠷᠢᠮ ᠢ ᠪᠠᠶᠢᠭᠤᠯᠵᠤ᠂

ᠳᠤᠲᠠᠭᠤ ᠶᠢ ᠪᠠᠭᠲᠠᠭᠠᠬᠤ ᠪᠠᠷ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠢ ᠬᠠᠩᠭᠠᠭᠰᠠᠨ ᠬᠢᠨᠠᠨ ᠵᠥᠪᠰᠢᠶᠡᠷᠡᠬᠦ

ᠵᠦᠢᠯᠡᠰ ᠲᠤ᠂ ᠠᠵᠤ ᠠᠬᠤᠶᠢᠯᠠᠯ ᠤᠨ ᠭᠤᠶᠤᠴᠢᠯᠠᠯ ᠢᠶᠠᠷ ᠳᠠᠮᠵᠢᠨ ᠴᠥᠮ ᠤᠷᠢᠳᠠᠪᠠᠷ ᠳᠤᠲᠠᠭᠳᠠᠯ ᠢ ᠠᠭᠤᠴᠢᠯᠠᠨ

ᠰᠢᠢᠳᠪᠦᠷᠢᠯᠡᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠥᠨᠳᠥᠷ ᠪᠦᠲᠦᠮᠵᠢᠲᠦ ᠴᠢᠨᠠᠷ ᠪᠠ ᠬᠠᠮᠵᠢᠯᠴᠠᠬᠤ ᠴᠢᠨᠠᠷ ᠢ

ᠦᠨᠡᠨᠬᠦ ᠪᠠᠲᠤᠯᠠᠨ᠎ᠠ᠃ ︽ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ︾ ᠲᠠᠰᠤᠭ ᠪᠠᠶᠢᠭᠤᠯᠵᠤ᠂ ᠣᠯᠠᠨ ᠰᠠᠯᠠᠭ᠎ᠠ

ᠮᠥᠴᠢᠷ ᠤᠨ ᠬᠢᠨᠠᠨ ᠵᠥᠪᠰᠢᠶᠡᠷᠡᠬᠦ ᠴᠢᠬᠤᠯᠠᠲᠠᠶ ᠵᠦᠢᠯᠡᠰ ᠢ ᠴᠠᠭ ᠲᠤᠬᠠᠶ ᠳᠤᠨᠢ ᠬᠠᠮᠲᠤᠷᠠᠨ ᠬᠢᠨᠠᠬᠤ ᠬᠤᠷᠠᠯ

ᠬᠤᠷᠠᠯᠳᠤᠭᠤᠯᠵᠤ᠂ ᠬᠠᠮᠲᠤᠷᠠᠨ ᠬᠢᠨᠠᠨ ᠵᠥᠪᠰᠢᠶᠡᠷᠡᠨ᠎ᠡ᠃

    ᠭᠤᠷᠪᠠ ᠳᠤ᠂ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠪᠡ᠃ ᠤᠤᠯ ᠤᠨ

ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠲᠤᠰᠬᠠᠶ ᠲᠣᠭᠤᠷᠢᠭ᠂ ᠠᠵᠤ ᠠᠬᠤᠶᠢᠯᠠᠯ ᠤᠨ ᠲᠤᠰᠬᠠᠶ ᠲᠣᠭᠤᠷᠢᠭ

ᠪᠠ ᠬᠠᠪᠰᠤᠷᠤᠨ ᠡᠷᠭᠢᠯᠡᠵᠦ ᠣᠷᠣᠯᠠᠨ ᠭᠦᠶ᠋ᠴᠡᠳᠬᠡᠬᠦ ᠲᠤᠰᠬᠠᠶ ᠲᠣᠭᠤᠷᠢᠭ ᠢ ᠡᠮᠬᠢᠯᠡᠨ ᠨᠡᠶᠢᠯᠡᠭᠦᠯᠵᠦ ᠲᠠᠰ

ᠳᠡᠪᠰᠢᠭᠦᠯᠦᠨ ᠠᠵᠤ ᠠᠬᠤᠶᠢᠯᠠᠯ ᠤᠨ ᠦᠶ᠋ᠯᠡᠴᠢᠯᠡᠭᠡᠨ ᠤ ᠲᠤᠰᠬᠠᠶ ᠲᠣᠭᠤᠷᠢᠭ ᠪᠣᠯᠭᠠᠨ ᠥᠭᠡᠷᠡᠴᠢᠯᠡᠵᠦ᠂ ᠲᠤᠰᠬᠠᠶ

ᠲᠣᠭᠤᠷᠢᠭ ᠤᠨ ᠵᠥᠭᠡᠯᠡᠨ ᠬᠠᠲᠠᠭᠤ ᠬᠡᠷᠡᠭᠰᠡᠯ ᠤᠨ ᠪᠠᠶᠢᠭᠤᠯᠤᠯᠲᠠ ᠶᠢ ᠴᠢᠩᠭᠠᠳᠬᠠᠨ᠂ ᠬᠡᠷᠡᠭᠯᠡᠭᠡᠨ ᠤ ᠴᠢᠨᠠᠷ᠂ ᠭᠤᠶᠣ

ᠰᠠᠶᠢᠬᠠᠨ ᠴᠢᠨᠠᠷ ᠬᠢᠭᠡᠳ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠣᠪᠤᠶᠢᠯᠭᠠᠨ᠎ᠠ᠃ ᠲᠣᠠᠠᠳᠠᠮᠠᠯ ᠬᠤᠭᠤᠴᠠᠭ᠎ᠠ ᠲᠠᠢ ᠪᠠᠷ

ᠲᠣᠬᠠᠶᠢᠯᠬᠠᠰᠠᠨ ᠠᠵᠢᠯ ᠤᠨ ᠠᠵᠢᠯᠳᠡᠨ ᠤ ᠪᠤᠯᠪᠠᠰᠣᠷᠡᠭᠤᠯᠥᠯ ᠢ ᠵᠤᠬᠢᠶᠡᠨ ᠪᠠᠶᠢᠭᠤᠯᠵᠦ᠂ ᠦᠢᠯᠡᠴᠢᠯᠡᠭᠡᠨ ᠤ

ᠴᠢᠳᠡᠪᠦᠷᠢ ᠶᠢ ᠴᠢᠩᠭᠠᠷᠡᠭᠤᠯᠥᠨ᠎ᠠ᠃ ᠮᠠᠶ᠋ᠢᠭ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ

ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠤᠨᠢᠨ ᠳᠡᠭᠡᠷ᠎ᠡ ᠨᠢ

ᠬᠦᠳᠦᠯᠦᠨ ᠵᠢᠯᠣᠭᠤᠳᠴᠤ᠂ ᠠᠵᠤ ᠠᠬᠤᠶᠢᠯᠠᠯ ᠳᠤ ᠪᠦᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠣᠷᠣᠯᠠᠨ

ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠣᠲᠣ ᠪᠣᠯᠲᠠᠯ᠎ᠠ᠂ ᠨᠢᠭᠡᠨᠲᠡ 29 ᠬᠤᠪᠢ ᠠᠵᠤ ᠠᠬᠤᠶᠢᠯᠠᠯ ᠤᠨ ᠬᠢᠨᠠᠨ

ᠵᠥᠪᠰᠢᠶᠡᠷᠡᠬᠦ ᠲᠥᠷᠥᠯ ᠵᠦᠢᠯ ᠢ ᠬᠠᠪᠰᠤᠷᠤᠨ ᠭᠦᠢᠴᠡᠳᠬᠡᠵᠦ ᠥᠭᠪᠡ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2