ᠰᠢᠤᠸᠠᠢ ᠹᠧᠩ ᠴᠢᠩ ᠳᠣᠯᠣᠳᠤᠭᠠᠷ ᠪᠠᠯᠭᠠᠰᠤ᠂ ᠪᠠᠶᠠᠨᠲᠠᠯ᠎ᠠ ᠰᠢᠶᠠᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/12/18

   12 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠴᠢ ᠬᠤᠤ

ᠪᠠᠯᠭᠠᠰᠤ᠂ ᠪᠠᠶᠠᠨᠲᠠᠯ᠎ᠠ ᠰᠢᠶᠠᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃

    ᠰᠢᠤᠸᠠᠢ ᠹᠧᠩ ᠴᠢᠩ ᠤᠷᠢᠳ ᠬᠤᠵᠢᠳ ᠳᠣᠯᠣᠳᠤᠭᠠᠷ ᠪᠠᠯᠭᠠᠰᠤᠨ ᠤ ᠳᠣᠯᠣᠳᠤᠭᠠᠷ ᠲᠣᠰᠬᠤᠨ᠂ ᠪᠠᠶᠠᠨᠲᠠᠯ᠎ᠠ

ᠰᠢᠶᠠᠩ ᠤᠨ ᠪᠠᠶᠠᠨᠲᠠᠯ᠎ᠠ ᠲᠣᠰᠬᠤᠨ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ

ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠵᠦ᠂ ᠠᠵᠤ ᠦᠢᠯᠡᠰ ᠤᠨ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠬᠤ

ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠤᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ

ᠰᠤᠳᠤᠯᠪᠠ᠃

    ᠡᠯ᠎ᠡ ᠰᠢᠶᠠᠩ ᠪᠠᠯᠭᠠᠰᠤᠨ ᠳᠤ᠂ ᠰᠢᠤᠸᠠᠢ ᠹᠧᠩ ᠴᠢᠩ ᠰᠢᠶᠠᠩ ᠪᠠᠯᠭᠠᠰᠤᠨ ᠤ ᠤᠳᠤᠷᠢᠳᠬᠤ ᠪᠠᠭ ᠤᠨ

ᠪᠦᠷᠢᠯᠳᠦᠬᠦᠨ ᠲᠠᠢ ᠳᠣᠲᠣᠨᠣ ᠪᠠᠷ ᠶᠠᠷᠢᠯᠴᠠᠵᠤ᠂ ᠰᠢᠶᠠᠩ ᠪᠠᠯᠭᠠᠰᠤᠨ ᠤ ᠣᠳᠣᠬᠠᠨ ᠤ ᠬᠥᠭᠵᠢᠯᠲᠡ ᠶᠢᠨ ᠪᠠᠶᠢᠳᠠᠯ ᠢ

ᠨᠠᠷᠢᠨ ᠣᠶᠢᠯᠠᠭᠠᠵᠤ᠂ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠰᠡᠳᠬᠢᠴᠡ ᠶᠢ ᠬᠠᠮᠲᠤ ᠪᠠᠷ ᠡᠮᠬᠢᠯᠡᠪᠡ᠃

ᠰᠢᠤᠸᠠᠢ ᠹᠧᠩ ᠴᠢᠩ ᠬᠡᠯᠡᠬᠦ ᠳᠡᠭᠡᠨ᠂ ᠡᠯ᠎ᠡ ᠰᠢᠶᠠᠩ ᠪᠠᠯᠭᠠᠰᠤ ᠲᠣᠰ ᠪᠡᠶ᠎ᠡ ᠶᠢᠨ ᠪᠠᠶᠢᠷᠢ ᠲᠣᠭᠲᠠᠭᠠᠯᠲᠠ ᠪᠠᠨ

ᠣᠨᠣᠪᠴᠢᠲᠠᠶ ᠣᠯᠵᠤ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢᠶᠠᠨ ᠡᠷᠢᠨ ᠣᠯᠵᠤ᠂ ᠡᠬᠢ ᠪᠠᠶᠠᠯᠢᠭ ᠤᠨ

ᠳᠠᠪᠠᠭᠤᠯᠢᠭ ᠲᠠᠭᠠᠨ ᠰᠠᠭᠤᠷᠢᠯᠠᠨ᠂ ᠳᠠᠪᠠᠭᠤᠯᠢᠭ ᠠᠵᠤ ᠦᠢᠯᠡᠰ ᠢᠶᠠᠨ ᠤᠯᠠᠮ ᠨᠢᠭᠡ ᠠᠯᠬᠤᠮ ᠬᠦᠴᠦᠷᠬᠡᠭᠵᠢᠭᠦᠯᠵᠦ᠂

ᠤᠨᠴᠠᠯᠢᠬᠳᠤ ᠠᠵᠤ ᠦᠢᠯᠡᠰ ᠢ ᠨᠠᠷᠢᠯᠢᠭ ᠬᠢᠵᠦ᠂ ᠣᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ

ᠪᠠᠶᠠᠵᠢᠭᠤᠯᠬᠤ ᠬᠡᠷᠡᠭᠲᠡᠶ᠃

    ᠡᠯ᠎ᠡ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠰᠢᠤᠸᠠᠢ ᠹᠧᠩ ᠴᠢᠩ ᠲᠣᠰᠬᠤᠨ ᠳᠤ ᠰᠠᠭᠤᠭ᠎ᠠ

ᠺᠠᠳ᠋ᠷᠴᠤᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ

ᠲᠦᠪᠰᠢᠨ ᠤ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ

ᠬᠡᠮᠵᠢᠭᠰᠡᠨ ᠡᠷᠦᠬᠡ ᠶᠢ ᠰᠤᠷᠪᠤᠯᠵᠢᠯᠠᠵᠤ᠂ ᠲᠤᠬᠠᠶ ᠶᠢᠨ ᠲᠠᠯᠠᠪᠤᠷ ᠲᠤ ᠶᠠᠳᠠᠭᠤ ᠠᠴᠠ ᠠᠩᠭᠢᠵᠢᠷᠠᠭᠤᠯᠬᠤ

ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ

ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠪᠠ᠃

    ᠰᠢᠤᠸᠠᠢ ᠹᠧᠩ ᠴᠢᠩ᠂ ᠡᠯ᠎ᠡ ᠰᠢᠶᠠᠩ ᠪᠠᠯᠭᠠᠰᠤ ᠤᠯᠤᠰ ᠲᠦᠷᠦ ᠶᠢᠨ ᠵᠣᠭᠰᠣᠴᠠ ᠪᠠᠨ ᠦᠨᠡᠨᠬᠦ

ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤᠳᠬᠠᠵᠤ᠂ ᠶᠠᠳᠠᠭᠤ ᠠᠴᠠ ᠠᠩᠭᠢᠵᠢᠷᠠᠭᠤᠯᠬᠤ

ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠥᠴᠦᠬᠡᠨ ᠴᠦ ᠰᠤᠯᠠᠷᠠᠭᠤᠯᠤᠯ ᠦᠭᠡᠢ ᠪᠠᠬᠢᠵᠢᠭᠦᠯᠦᠨ ᠥᠷᠭᠡᠳᠬᠡᠵᠦ᠂

ᠡᠯ᠎ᠡ ᠵᠦᠢᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂

ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ

ᠠᠬᠢᠭᠤᠯᠬᠤ ᠬᠡᠷᠡᠭᠲᠡᠢ︔

    ᠦ᠋ ᡁᠢ ᠢᠦᠢ᠂ ᠰᠢᠶᠤᠤ ᠵᠧᠨ ᠢᠦᠢ᠂ ᠭᠦᠸᠧ ᠬᠤᠩ ᡁᠢ ᠣᠷᠣᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2