ᠥᠪᠥᠷ ᠮᠣᠩᠭᠤᠯ ᠤᠨ ᠨᠢᠭᠡᠳᠦᠮᠡᠯ ᠬᠤᠯᠪᠣᠭ᠎ᠠ ᠶᠢᠨ ᠬᠢᠨ ᠬᠠᠪᠰᠤᠷᠤᠨ ᠲᠡᠳᠬᠦᠬᠦ ᠴᠡᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠬᠦᠴᠦᠨ ᠢᠶᠠᠨ ᠲᠥᠪᠯᠡᠷᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/12/18

    ᠲᠦᠷᠦᠭᠦᠬᠡᠨ᠂ ᠥᠪᠥᠷ ᠮᠣᠩᠭᠤᠯ ᠤᠨ ᠨᠢᠭᠡᠳᠦᠮᠡᠯ ᠬᠤᠯᠪᠣᠭ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠳᠡᠳ᠋

ᠶᠡᠷᠦᠩᠬᠡᠶ ᠳᠠᠭᠠᠭᠠᠮᠠᠯ ᠡᠤ ᠸᠧᠨ ᠴᠢᠤᠸᠠᠨ ᠨᠠᠷ ᠬᠠᠪᠰᠤᠷᠤᠨ ᠲᠡᠳᠬᠦᠬᠦ ᠴᠡᠭ ᠤᠨ ᠬᠤᠸᠠᠳᠧ ᠰᠢᠶᠠᠨ ᠤ

ᠭᠦᠨᠤᠯᠠᠭᠠᠨᠬᠤᠳᠳᠤᠭ ᠰᠢᠶᠠᠩ ᠤᠨ ᠯᠢᠶᠠᠨ ᠾᠧ ᠲᠣᠰᠬᠤᠨ ᠳᠤ ᠭᠦᠨᠵᠡᠭᠡᠶᠢᠷᠡᠵᠦ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠣᠰᠬᠤᠨ ᠳᠤ ᠰᠠᠭᠤᠭ᠎ᠠ ᠨᠢᠭᠡᠳᠦᠭᠡᠷ

ᠱᠦᠵᠢ ᠶᠢ ᠪᠣᠯᠭᠤᠭᠠᠨ ᠲᠣᠬᠤᠨᠢᠭᠤᠯᠪᠠ᠃

1734509959644005229.jpg

    ᠶᠠᠷᠢᠯᠴᠠᠬᠤ ᠬᠤᠷᠠᠯ ᠳᠡᠭᠡᠷ᠎ᠡ᠂ ᠦ᠋ ᠸᠧᠨ ᠴᠢᠤᠸᠠᠨ ᠲᠣᠰᠬᠤᠨ ᠤ ᠠᠷᠠᠳ ᠤᠨ ᠵᠥᠪᠯᠡᠯ᠂ ᠲᠣᠰᠬᠤᠨ ᠳᠤ

ᠰᠠᠭᠤᠭ᠎ᠠ ᠨᠢᠭᠡᠳᠦᠭᠡᠷ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ

ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠢᠴᠢ ᠭᠤᠣᠯᠳᠠᠯᠭ᠎ᠠ ᠲᠠᠢ ᠠᠵᠢᠯ ᠢ

ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ

ᠲᠣᠰᠬᠤᠨ ᠲᠠᠢ ᠬᠤᠯᠪᠣᠭᠠᠯᠠᠨ ᠠᠷᠠᠳ ᠢ ᠪᠠᠶᠠᠵᠢᠭᠤᠯᠬᠤ ᠠᠵᠤ ᠦᠢᠯᠡᠰ ᠢ ᠬᠡᠷᠬᠢᠨ ᠬᠥᠭᠵᠢᠭᠦᠯᠬᠦ᠂ ︽ᠵᠤᠵᠠᠭᠠᠨ︾

︽ᠪᠤᠵᠠᠭᠠᠶᠢᠷᠠᠭᠤᠯᠬᠤ︾ ᠲᠣᠰᠬᠤᠨ ᠤ ᠬᠠᠮᠲᠤ ᠶᠢᠨ ᠠᠵᠤ ᠠᠬᠤᠢ ᠵᠢᠴᠢ 2025 ᠣᠨ ᠤ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠬᠠᠪᠰᠤᠷᠤᠨ ᠲᠡᠳᠬᠦᠬᠦ ᠲᠦᠷᠦᠯ ᠵᠦᠢᠯ ᠵᠡᠷᠭᠡ ᠠᠭᠤᠯᠭ᠎ᠠ ᠶᠢᠨ ᠲᠤᠬᠠᠢ ᠲᠣᠰᠬᠤᠨ ᠤ

ᠠᠷᠠᠳ ᠤᠨ ᠵᠥᠪᠯᠡᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠲᠠᠢ ᠰᠠᠨᠠᠯ ᠢᠶᠠᠨ ᠰᠣᠯᠢᠯᠴᠠᠵᠤ ᠰᠤᠳᠤᠯᠤᠨ

ᠶᠠᠷᠢᠯᠴᠠᠪᠠ᠃ ᠬᠤᠷᠠᠯ ᠤᠨ ᠳᠠᠷᠠᠭ᠎ᠠ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢ ᠪᠣᠯᠭᠤᠭᠠᠨ ᠲᠣᠬᠤᠨᠢᠭᠤᠯᠪᠠ᠃

    ᠡᠦ ᠸᠧᠨ ᠴᠢᠤᠸᠠᠨ ᠵᠢᠭᠠᠵᠤ ᠭᠠᠷᠭᠠᠭᠰᠠᠨ ᠨᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ︽ᠲᠣᠰᠬᠤᠨ ᠳᠤ

ᠰᠠᠭᠤᠬᠤ︾ ᠮᠥᠷᠲᠡᠭᠡᠨ ᠨᠡᠩ ᠴᠤ ︽ᠲᠣᠰᠬᠤᠨ ᠢ ᠲᠤᠰᠠᠯᠠᠬᠤ︾ ᠬᠡᠷᠡᠭᠲᠡᠢ᠂ ᠰᠠᠨᠠᠭᠠᠴᠢᠯᠠᠭ᠎ᠠ ᠠᠴᠠ ᠪᠠᠨ ᠬᠦᠴᠦᠯᠡᠵᠦ᠂

ᠢᠳᠡᠪᠬᠢᠲᠡᠢ ᠪᠠᠷ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ᠃

ᠬᠤᠯᠪᠣᠭᠠᠲᠤ ᠲᠣᠰᠬᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠵᠦᠢᠯ ᠤᠨ ᠬᠠᠪᠰᠤᠷᠤᠨ ᠲᠡᠳᠬᠦᠬᠦ

ᠲᠦᠷᠦ ᠶᠢᠨ ᠪᠤᠳᠤᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠰᠠᠶᠢᠲᠤᠷ ᠬᠡᠷᠡᠭᠯᠡᠵᠦ᠂ ᠠᠮᠢᠳᠤᠯᠢᠭ ᠢᠶᠠᠷ ᠬᠡᠷᠡᠭᠯᠡᠵᠦ᠂

ᠲᠣᠰᠬᠤᠨ ᠤ ᠠᠷᠠᠳ ᠲᠤ ᠦᠨᠡᠨᠬᠦ ᠠᠰᠢᠭ ᠬᠦᠷᠲᠡᠭᠡᠬᠦ ᠬᠡᠷᠡᠭᠲᠡᠢ᠃ ᠦᠨᠳᠦᠰᠦᠨ ᠱᠠᠲᠤᠨ ᠳᠤ ᠠᠭᠤᠰᠤᠯᠴᠠᠵᠤ᠂

ᠤᠯᠠᠨ ᠲᠦᠮᠡᠨ ᠳᠤ ᠠᠭᠤᠰᠤᠯᠴᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂

ᠤᠯᠠᠨ ᠲᠦᠮᠡᠨ ᠳᠤ ᠦᠨᠡᠨ ᠬᠦ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃

    ᠦ᠋ ᠸᠧᠨ ᠴᠢᠤᠸᠠᠨ ᠴᠢᠬᠤᠯᠠᠴᠢᠯᠠᠭᠰᠠᠨ ᠨᠢ᠂ 2025 ᠤᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ

ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠴᠦᠰ ᠤᠨ ᠵᠢᠯ ᠪᠣᠯᠤᠨ᠎ᠠ᠂ ᠲᠣᠰᠬᠤᠨ ᠤ ︽ᠬᠤᠶᠠᠷ ᠵᠥᠪᠯᠡᠯ︾᠂

ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠡᠷᠬᠡᠪᠰᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ

ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂

ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠥᠳᠡᠭᠡ

ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢᠨ ᠠᠬᠢᠭᠤᠯᠤᠭᠴᠢ᠂ ᠲᠦᠷᠦ ᠶᠢᠨ ᠪᠤᠳᠤᠯᠭ᠎ᠠ ᠶᠢᠨ

ᠨᠠᠶᠢᠳᠠᠪᠤᠷᠢᠵᠢᠭᠤᠯᠤᠭᠴᠢ᠂ ᠠᠷᠠᠳ ᠲᠦᠮᠡᠨ ᠳᠤ ᠦᠢᠯᠡᠴᠢᠯᠡᠬᠦ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ

ᠬᠡᠷᠡᠭᠲᠡᠢ᠃ ᠲᠣᠰᠬᠤᠨ ᠤ ᠪᠠᠶᠢᠳᠠᠯ ᠳᠤ ᠰᠠᠭᠤᠷᠢᠯᠠᠵᠤ᠂ ᠠᠷᠠᠳ ᠤᠨ ᠠᠮᠢᠳᠤᠷᠠᠯ ᠢ ᠠᠯᠬᠤᠮ ᠠᠯᠬᠤᠮ ᠢᠶᠠᠷ ᠬᠡᠮᠵᠢᠵᠦ᠂

ᠦᠢᠯᠡ ᠠᠵᠢᠯᠯᠠᠭ᠎ᠠ ᠪᠠᠷ ᠢᠶᠠᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠵᠦ᠂ ᠬᠤᠯᠪᠣᠯᠳᠤᠭᠰᠠᠨ ᠲᠥᠰᠦᠯ᠂

ᠨᠢᠭᠡᠳᠦᠮᠡᠯ ᠬᠤᠯᠪᠣᠭ᠎ᠠ ᠶᠢᠨ ᠤᠶᠤᠨ ᠤᠬᠠᠭᠠᠨ ᠪᠠ ᠨᠢᠭᠡᠳᠦᠮᠡᠯ ᠬᠤᠯᠪᠣᠭ᠎ᠠ ᠶᠢᠨ ᠬᠦᠴᠦᠨ ᠴᠢᠳᠠᠯ ᠢ ᠢᠳᠡᠪᠬᠢᠲᠡᠢ

ᠡᠷᠭᠦᠬᠦ ᠬᠡᠷᠡᠭᠲᠡᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2