ᠬᠤᠸᠠᠳᠧ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠺᠠᠳ᠋ᠷ ᠲᠤ ᠬᠢᠨᠠᠯᠲᠠ ᠲᠠᠯᠪᠢᠬᠤ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/19

    ᠬᠢᠨᠠᠯᠲᠠ ᠲᠠᠯᠪᠢᠬᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠨᠡᠪᠲᠡᠷᠡᠯᠴᠡᠭᠡ ᠶᠢ

ᠴᠢᠩᠭᠠᠳᠬᠠᠵᠤ᠂ ᠬᠢᠨᠠᠯᠲᠠ ᠲᠠᠯᠪᠢᠬᠤ ᠠᠵᠢᠯ ᠤᠨ ᠨᠡᠶᠢᠯᠡᠮᠡᠯ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠃ 12

ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ 2024 ᠣᠨ ᠤ

ᠺᠠᠳ᠋ᠷ ᠲᠤ ᠬᠢᠨᠠᠯᠲᠠ ᠲᠠᠯᠪᠢᠬᠤ ᠠᠵᠢᠯ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃

1734607263122005785.jpg

    ᠬᠤᠷᠠᠯ ᠳᠡᠭᠡᠷ᠎ᠡ᠂ ︽ᠬᠤᠸᠠᠳᠧ ᠰᠢᠶᠠᠨ ᠤ ᠺᠠᠳ᠋ᠷ ᠲᠤ ᠬᠢᠨᠠᠯᠲᠠ ᠲᠠᠯᠪᠢᠬᠤ ᠠᠵᠢᠯ ᠤᠨ ᠵᠥᠪᠳᠡᠯᠴᠡᠭᠡ

ᠬᠠᠮᠲᠤᠷᠠᠭᠰᠠᠨ ᠬᠤᠷᠠᠯ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠠᠵᠢᠯ ᠤᠨ ᠲᠣᠭᠲᠠᠴᠠ ︵ᠲᠤᠷᠰᠢᠨ ᠬᠡᠷᠡᠭᠵᠢᠭᠦᠯᠬᠦ︶︾᠂

︽ᠬᠥᠨᠳᠡᠯᠡᠨ ᠢᠶᠠᠷ ᠨᠡᠪᠳᠡᠷᠡᠬᠦ ᠶᠢ ᠪᠠᠶᠢᠭᠤᠯᠬᠤ ᠺᠠᠳ᠋ᠷ ᠲᠤ ᠬᠢᠨᠠᠯᠲᠠ ᠲᠠᠯᠪᠢᠬᠤ ᠠᠵᠢᠯ ᠤᠨ ᠲᠤᠬᠠᠢ ᠮᠡᠳᠡᠭᠳᠡᠯ︾ ᠤᠨ

ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠺᠠᠳ᠋ᠷ ᠤᠨ ᠬᠢᠨᠠᠯᠲᠠ

ᠲᠠᠯᠪᠢᠬᠤ ᠠᠵᠢᠯ ᠳᠤ ᠲᠤᠬᠢᠷᠠᠭᠤᠯᠤᠯᠳᠠ ᠬᠢᠪᠡ᠃

    ᠬᠤᠷᠠᠯ ᠠᠴᠠ᠂ ᠡᠯ᠎ᠡ ᠪᠦᠷᠢᠯᠳᠦᠬᠦᠨ ᠨᠢᠭᠡᠴᠡ ᠶᠢᠨ ᠬᠢᠨ ᠰᠢᠨ᠎ᠡ ᠪᠠᠶᠢᠳᠠᠯ ᠳᠣᠣᠷᠠᠬᠢ ᠺᠠᠳ᠋ᠷ ᠤᠨ ᠬᠢᠨᠠᠯᠲᠠ

ᠲᠠᠯᠪᠢᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠠᠷᠢᠭᠤᠴᠠᠯᠭᠠᠲᠤ ᠰᠡᠳᠬᠢᠯᠭᠡ

ᠪᠣᠯᠤᠨ ᠡᠭᠦᠷᠭᠡᠲᠦ ᠪᠤᠳᠤᠯ ᠢᠶᠠᠨ ᠴᠢᠨᠠᠭᠰᠢᠳᠠ ᠴᠢᠩᠭᠠᠳᠬᠠᠵᠤ᠂ ᠨᠡᠩ ᠡᠷᠡᠰ ᠰᠢᠭᠤᠷᠬᠠᠢ ᠣᠪᠣᠷ᠂ ᠨᠡᠩ ᠯᠠᠪᠳᠠᠭᠤᠨ

ᠪᠠᠲᠤᠲᠠᠢ ᠰᠤᠷᠲᠠᠯ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠺᠠᠳ᠋ᠷ ᠤᠨ ᠬᠢᠨᠠᠯᠲᠠ ᠲᠠᠯᠪᠢᠬᠤ ᠠᠵᠢᠯ ᠢ ᠢᠳᠡᠪᠬᠢᠲᠡᠢ

ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠬᠦ ᠬᠡᠷᠡᠭᠲᠡᠢ᠃ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠴᠢᠩᠭᠠᠳᠬᠠᠵᠤ᠂

ᠪᠦᠷᠢᠯᠳᠦᠬᠦᠨ ᠨᠢᠭᠡᠴᠢ ᠶᠢᠨ ᠦᠢᠯᠡᠳᠦᠯ ᠢ ᠢᠳᠡᠪᠬᠢᠲᠡᠶ ᠪᠠᠳᠠᠷᠠᠭᠤᠯᠤᠨ᠂ ︽ᠨᠢᠭᠡ ᠬᠥᠯᠭᠡ ᠰᠢᠲᠠᠷ᠎ᠠ︾ ᠶᠢᠨ ᠦᠵᠡᠯ

ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠰᠠᠯᠠᠭ᠎ᠠ ᠮᠥᠴᠢᠷ᠂ ᠬᠦᠷᠢᠶ᠎ᠡ ᠴᠠᠷᠠᠭ᠎ᠠ᠂ ᠲᠠᠰ ᠳᠠᠪᠬᠤᠷᠭ᠎ᠠ ᠶᠢᠨ

ᠬᠤᠭᠤᠷᠣᠨᠳᠣᠬᠢ ︽ᠲᠤᠭ᠎ᠠ ᠪᠠᠷᠢᠮᠲᠠ ᠶᠢᠨ ᠪᠠᠬᠢᠯᠡᠯᠲᠡ︾ ᠶᠢ ᠡᠪᠳᠡᠵᠦ᠂ ᠺᠠᠳ᠋ᠷᠴᠤᠳ ᠤᠨ ᠮᠡᠳᠡᠭᠡ ᠵᠠᠩᠭᠢ ᠶᠢ ᠤᠯᠬᠤ

ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠥᠨᠳᠥᠷ ᠪᠦᠲᠦᠮᠵᠢᠲᠡᠶ ᠬᠤᠯᠪᠣᠭᠠᠯᠠᠨ ᠬᠥᠳᠡᠯᠦᠯᠴᠡᠭᠰᠡᠨ᠂ ᠮᠡᠳᠡᠭᠡ

ᠵᠠᠩᠭᠢ ᠶᠢ ᠰᠠᠭᠠᠳ ᠥᠬᠡᠶ ᠨᠡᠪᠲᠡᠷᠡᠭᠰᠡᠨ ᠺᠠᠳ᠋ᠷ ᠤᠨ ᠬᠢᠨᠠᠯᠲᠠ ᠲᠠᠯᠪᠢᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ

ᠬᠡᠷᠡᠭᠲᠡᠶ᠃ ᠬᠠᠷᠢᠯᠴᠠᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠢᠯ ᠤᠨ ᠢᠳᠡᠪᠬᠢᠵᠢᠯ ᠪᠠ ᠰᠠᠨᠠᠭᠠᠴᠢᠯᠠᠭᠠᠲᠤ

ᠴᠢᠨᠠᠷ ᠢᠶᠠᠨ ᠴᠢᠩᠭᠠᠳᠬᠠᠵᠤ᠂ ᠬᠢᠨᠠᠯᠲᠠ ᠲᠠᠯᠪᠢᠬᠤ ᠭᠤᠣᠯᠳᠠᠯᠭ᠎ᠠ ᠪᠠᠨ ᠣᠨᠣᠪᠴᠢᠲᠠᠢ ᠪᠠᠲᠤ ᠡᠵᠡᠮᠳᠡᠵᠦ᠂ ᠺᠠᠳ᠋ᠷ ᠤᠨ

ᠬᠢᠨᠠᠯᠲᠠ ᠲᠠᠯᠪᠢᠬᠤ ᠠᠵᠢᠯ ᠤᠨ ᠰᠢᠨ᠎ᠡ ᠪᠠᠶᠢᠳᠠᠯ ᠳᠤ ᠵᠣᠬᠢᠴᠠᠬᠤ᠂ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ

ᠦᠭᠡᠢ ᠠᠬᠢᠭᠤᠯᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2