ᠬᠤᠸᠠᠳᠧ ᠰᠢᠶᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠤᠨ ᠲᠣᠤᠷ ᠵᠠᠯᠭᠠᠬᠤ ᠢᠨᠵᠧᠨᠧᠷᠢᠩ ᠪᠦᠬᠦ ᠱᠤᠭᠤᠮ ᠢᠶᠠᠷ ᠨᠡᠪᠲᠡᠷᠡᠪᠡ
ᠨᠡᠶᠢᠲᠡᠯᠡᠭᠰᠡᠨ ᠴᠠᠭ᠄
2024/12/19

    12 ᠰᠠᠷ᠎ᠠ ᠶᠢᠨ 17 ᠤ ᠡᠳᠦᠷ᠂ ᠬᠠᠮᠤᠭ ᠰᠡᠭᠦᠯᠴᠢ ᠶᠢᠨ ᠨᠢᠭᠡ ᠬᠡᠰᠡᠭ ᠵᠠᠮ ᠲᠠᠯᠪᠢᠵᠤ ᠳᠠᠭᠤᠰᠬᠠᠬᠤ ᠶᠢ

ᠳᠠᠭᠠᠯᠳᠤᠨ᠂ ᠴᠠᠬᠢᠯᠭᠠᠨ ᠬᠦᠷᠭᠡᠬᠦ ᠳᠥᠷᠪᠡᠳᠦᠭᠡᠷ ᠢᠨᠵᠧᠨᠧᠷᠢᠩ ᠤᠨ ᠭᠠᠵᠠᠷ ᠠᠴᠠ ᠳᠠᠭᠠᠭᠠᠴᠢᠯᠠᠨ ᠪᠠᠶᠢᠭᠤᠯᠤᠭᠰᠠᠨ

ᠤᠯᠠᠭᠠᠨᠴᠠᠪ ᠤᠨ ᠬᠤᠸᠠᠳᠧ ᠰᠢᠶᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ

ᠴᠠᠬᠢᠯᠭᠠᠨ ᠬᠡᠷᠡᠯ ᠴᠡᠨᠡᠭ ᠤᠨ ᠨᠢᠭᠡ ᠴᠣᠭᠴᠠᠵᠢᠭᠤᠯᠤᠭᠰᠠᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠤᠨ ᠲᠣᠤᠷ

ᠵᠠᠯᠭᠠᠬᠤ ᠢᠨᠵᠧᠨᠧᠷᠢᠩ ᠢ ᠪᠥᠬᠦ ᠱᠤᠭᠤᠮ ᠢᠶᠠᠷ ᠨᠡᠪᠲᠡᠷᠡᠭᠦᠯᠪᠡ᠃

1734607105658073654.jpg

    ᠲᠤᠰ ᠱᠤᠭᠤᠮ ᠨᠢ ᠳᠠᠲ᠋ᠠᠨᠳᠠ ᠤᠨ ᠲᠣᠳᠬᠠᠷ ᠤᠨ ᠭᠡᠷᠡᠯ ᠨᠥᠭᠡᠴᠡᠯᠡᠬᠦ ᠸᠧᠪᠰᠠᠢ ᠳᠤ ᠴᠢᠭᠯᠡᠯ ᠤᠨ 500

ᠺᠢᠯᠣᠸᠣᠯᠲ ᠤᠨ ᠬᠦᠴᠦᠳᠡᠯ ᠥᠭᠡᠷᠡᠴᠢᠯᠡᠬᠦ ᠥᠷᠲᠡᠭᠡ ᠠᠴᠠ ᠡᠬᠢᠯᠡᠵᠡᠢ᠃ ᠪᠦᠬᠦ ᠵᠠᠮ ᠱᠤᠭᠤᠮ ᠳᠤ 63 ᠰᠠᠭᠤᠷᠢ

ᠲᠡᠮᠦᠷ ᠰᠤᠪᠤᠷᠭ᠎ᠠ ᠰᠢᠨ᠎ᠡ ᠪᠠᠷ ᠪᠠᠶᠢᠭᠤᠯᠵᠤ᠂ ᠵᠠᠮ ᠤᠨ ᠤᠷᠲᠤ ᠨᠢ 21.431 ᠺᠢᠯᠣᠮᠧᠲᠷ ᠪᠠᠶᠢᠵᠤ᠂ ᠳᠠᠩ ᠪᠢᠲᠡᠭᠦᠦ

ᠬᠡᠯᠬᠢᠶ᠎ᠡ ᠳᠥᠷᠪᠡ ᠪᠠᠷ ᠵᠠᠳᠠᠷᠠᠭᠤᠯᠤᠨ ᠪᠣᠰᠬᠠᠨ᠎ᠠ᠃ ᠢᠨᠵᠧᠨᠧᠷᠢᠩ ᠨᠢ 2024 ᠣᠨ ᠤ 10 ᠰᠠᠷ᠎ᠠ ᠶᠢᠨ 15 ᠤ

ᠡᠳᠦᠷ ᠵᠢᠩᠬᠢᠨᠢ ᠪᠠᠷ ᠠᠵᠢᠯ ᠢᠶᠠᠨ ᠡᠬᠢᠯᠡᠭᠦᠯᠵᠦ᠂ 64 ᠡᠳᠦᠷ ᠤᠨ ᠡᠪᠦᠯ ᠤᠨ ᠬᠤᠭᠤᠴᠠᠭᠠᠨ ᠤ ᠪᠠᠷᠢᠯᠭ᠎ᠠ ᠶᠢ

ᠥᠩᠭᠡᠷᠡᠭᠡᠵᠦ᠂ ᠡᠴᠦᠰ ᠲᠡᠭᠡᠨ ᠥᠨᠥᠳᠦᠷ ᠤᠨ ᠦᠷ᠎ᠡ ᠪᠦᠲᠦᠭᠡᠯ ᠢᠶᠠᠨ ᠤᠭᠲᠤᠨ ᠠᠪᠴᠢᠷᠠᠵᠠᠶ᠃

    ᠰᠠᠶ᠋ᠢᠬᠠᠨ ᠠᠵᠢᠯ ᠡᠬᠢᠯᠡᠬᠦ ᠦᠶ᠎ᠡ ᠳᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠠᠵᠢᠯ ᠤᠨ ᠬᠤᠭᠤᠴᠠᠭ᠎ᠠ

ᠪᠠᠴᠢᠮ᠂ ᠡᠭᠦᠷᠭᠡ ᠬᠦᠨᠳᠦ᠂ ᠠᠶᠤᠯ ᠲᠦᠭᠰᠢᠭᠦᠷᠢ ᠶᠡᠬᠡᠲᠡᠶ᠂ ᠴᠠᠭ ᠠᠭᠤᠷ ᠤᠨ ᠪᠠᠶᠢᠳᠠᠯ ᠪᠤᠳᠤᠯᠢᠶᠠᠨᠲᠠᠶ ᠵᠡᠷᠭᠡ

ᠲᠠᠯ᠎ᠠ ᠶᠢᠨ ᠠᠯᠢ ᠣᠯᠠᠨ ᠳᠠᠷᠤᠯᠲᠠ ᠳᠤ ᠲᠤᠯᠭᠠᠷᠠᠵᠤ ᠪᠠᠶᠢᠨ᠎ᠠ᠃ ᠠᠯᠢ ᠣᠯᠠᠨ ᠬᠦᠴᠢᠷᠳᠡᠯ ᠤᠨ ᠡᠮᠦᠨ᠎ᠡ᠂ ᠲᠥᠷᠥᠯ

ᠵᠦᠢᠯ ᠤᠨ ᠬᠡᠯᠲᠡᠰ ᠤᠬᠤᠷᠢᠭᠰᠠᠨ ᠦᠭᠡᠢ᠂ ᠰᠠᠨᠠᠭᠠᠴᠢᠯᠠᠭ᠎ᠠ ᠠᠴᠠ ᠪᠠᠨ ᠤᠭᠲᠤᠨ ᠪᠠᠶᠢᠯᠳᠤᠵᠤ᠂ ᠪᠠᠷᠢᠯᠭ᠎ᠠ ᠶᠢᠨ

ᠲᠥᠰᠦᠯ᠂ ᠡᠬᠢ ᠪᠠᠶᠠᠯᠢᠭ ᠤᠨ ᠣᠷᠣᠭᠤᠯᠤᠯᠲᠠ᠂ ᠮᠠᠲ᠋ᠧᠷᠢᠶᠠᠯ ᠬᠤᠳᠠᠯᠳᠤᠨ ᠠᠪᠬᠤ ᠵᠡᠷᠭᠡ ᠵᠠᠩᠭᠢᠯᠠᠭ᠎ᠠ ᠠᠴᠠ ᠭᠠᠷᠳᠠᠵᠤ᠂

ᠢᠨᠵᠧᠨᠧᠷᠢᠩ ᠤᠨ ᠪᠦᠬᠦᠯᠢ ᠴᠣᠭᠴᠠ ᠳᠤ ᠪᠦᠬᠦ ᠲᠠᠯ᠎ᠠ ᠪᠠᠷ ᠨᠠᠷᠢᠨ ᠲᠥᠯᠥᠪᠵᠢᠭᠦᠯᠭᠡ ᠬᠢᠪᠡ᠃ ᠡᠭᠦᠨ ᠤ ᠬᠠᠮᠲᠤ

ᠡᠯ᠎ᠡ ᠲᠠᠯ᠎ᠠ ᠶᠢᠨ ᠬᠢᠨ ᠲᠠᠢ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠮᠠᠲ᠋ᠧᠷᠢᠶᠠᠯ ᠤᠨ ᠬᠠᠩᠭᠠᠯᠭ᠎ᠠ᠂

ᠮᠠᠰᠢᠨ ᠲᠥᠬᠦᠭᠡᠷᠦᠮᠵᠢ ᠶᠢ ᠴᠠᠭ ᠲᠤᠬᠠᠶ ᠳᠤᠨᠢ ᠲᠣᠬᠢᠷᠠᠭᠤᠯᠬᠤ ᠶᠢ ᠦᠨᠡᠨ ᠬᠦ ᠪᠠᠲᠤᠯᠠᠵᠤ᠂ ᠪᠠᠷᠢᠯᠭ᠎ᠠ ᠶᠢᠨ

ᠤᠷᠤᠭᠰᠢᠲᠠᠶ ᠶᠠᠪᠤᠭᠳᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃

    ᠪᠠᠷᠢᠯᠭ᠎ᠠ ᠪᠠᠷᠢᠬᠤ ᠶᠠᠪᠤᠴᠠ ᠳᠤ᠂ ᠲᠥᠷᠥᠯ ᠵᠦᠢᠯ ᠤᠨ ᠬᠡᠯᠲᠡᠰ ᠠᠴᠠ ᠠᠮᠤᠷ ᠲᠦᠪᠰᠢᠨ ᠢ ᠢᠮᠠᠭᠲᠠ ᠲᠡᠷᠢᠭᠦᠨ

ᠪᠠᠶᠢᠷᠢᠨ ᠳᠤ ᠲᠠᠯᠪᠢᠵᠤ᠂ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠂

ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠪᠠ ᠲᠤᠬᠠᠶ ᠶᠢᠨ ᠲᠠᠯᠠᠪᠤᠷ ᠤᠨ ᠲᠦᠭᠰᠢᠭᠦᠷᠢ ᠶᠢ ᠬᠠᠮᠢᠶᠠᠷᠤᠨ

ᠡᠵᠡᠮᠳᠡᠬᠦ ᠶᠢ ᠦᠨᠡᠨ ᠬᠦ ᠴᠢᠩᠭᠠᠳᠬᠠᠵᠤ᠂ ᠴᠠᠬᠢᠯᠭᠠᠨᠵᠢᠭᠤᠯᠤᠭᠰᠠᠨ ᠲᠡᠮᠦᠷ ᠵᠠᠮ᠂ ᠰᠦ᠋ ᠵᠠᠩ ᠳᠡᠭᠡᠳᠦ ᠬᠤᠷᠳᠤ ᠶᠢᠨ

ᠵᠠᠰᠠᠮᠠᠯ ᠵᠠᠮ᠂ 3 ᠭᠠᠵᠠᠷ ᠤᠨ 220 ᠺᠢᠯᠣᠸᠠᠲ ᠤᠨ ᠪᠦᠰᠡ ᠶᠢᠨ ᠴᠠᠬᠢᠯᠭᠠᠨ ᠱᠤᠭᠤᠮ ᠤᠨ ᠠᠯᠤᠰᠯᠠᠭᠰᠠᠨ

ᠡᠭᠦᠷᠭᠡ ᠶᠢ ᠥᠨᠳᠥᠷ ᠪᠦᠲᠦᠮᠵᠢᠲᠡᠶ ᠪᠡᠶᠡᠯᠡᠭᠦᠯᠪᠡ᠃ ᠡᠨᠡ ᠬᠤᠭᠤᠴᠠᠭᠠᠨ ᠳᠤ᠂ ᠮᠠᠰᠢᠨ ᠲᠦᠷᠢᠶᠡᠰᠦᠯᠡᠭᠦᠯᠬᠦ

ᠢᠨᠵᠧᠨᠧᠷᠢᠩ ᠤᠨ ᠭᠠᠵᠠᠷ ᠤᠲᠠᠰᠤ ᠲᠠᠯᠪᠢᠬᠤ ᠡᠭᠡᠯᠵᠢ ᠳᠤᠭᠤᠶᠢᠯᠠᠩ ᠲᠣᠮᠢᠯᠠᠨ ᠪᠥᠬᠦ ᠬᠦᠴᠦᠨ ᠢᠶᠠᠷ ᠢᠶᠠᠨ

ᠬᠠᠮᠵᠢᠯᠴᠠᠵᠤ᠂ ᠡᠪᠦᠯ ᠤᠨ ᠤᠯᠠᠷᠢᠯ ᠤᠨ ᠬᠦᠢᠲᠡᠨ ᠠᠭᠤᠷ ᠠᠮᠢᠰᠬᠤᠯ ᠤᠨ ᠨᠥᠬᠦᠴᠡᠯ ᠳᠣᠤᠷᠠᠬᠢ ᠮᠠᠰᠢᠨ

ᠲᠥᠬᠦᠭᠡᠷᠦᠮᠵᠢ ᠶᠢᠨ ᠬᠡᠮ ᠰᠣᠭᠤᠭ ᠢ ᠤᠷᠢᠳᠴᠢᠯᠠᠨ ᠵᠢᠭᠰᠠᠭᠠᠨ ᠪᠠᠶᠢᠴᠠᠭᠠᠵᠤ᠂ ᠥᠨᠳᠥᠷ ᠪᠦᠲᠦᠮᠵᠢᠲᠡᠶ ᠪᠠᠷ

ᠰᠢᠢᠳᠪᠦᠷᠢᠯᠡᠨ᠂ ᠮᠠᠰᠢᠨ ᠲᠥᠬᠦᠭᠡᠷᠦᠮᠵᠢ ᠨᠢᠭᠡᠪᠦᠷᠢ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠵᠤ᠂

ᠢᠨᠵᠧᠨᠧᠷᠢᠩ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠳᠤ ᠦᠵᠡᠭᠦᠯᠪᠡᠰᠦ ᠵᠣᠬᠢᠬᠤ ᠦᠢᠯᠡᠳᠦᠯ ᠦᠵᠡᠭᠦᠯᠪᠡ᠃

    ᠲᠠᠷᠠᠭᠠᠴᠢ ᠶᠢᠨ ᠠᠯᠬᠤᠮ ᠳᠤ᠂ ᠲᠥᠷᠥᠯ ᠵᠦᠶ᠋ᠯ ᠤᠨ ᠶᠠᠮᠤᠨ ᠤᠯᠠᠮ ᠠᠴᠠ ᠤᠯᠠᠮ ᠳᠤᠤᠷ᠎ᠠ ᠪᠠᠶᠢᠭ᠎ᠠ ᠠᠭᠠᠷ ᠤᠨ

ᠳᠤᠯᠠᠭᠠᠨ ᠪᠠ ᠴᠠᠰᠤ ᠰᠢᠭᠤᠷᠭ᠎ᠠ ᠠᠭᠤᠷ ᠠᠮᠢᠰᠬᠤᠯ ᠤᠨ ᠬᠦᠴᠦᠨ ᠵᠦᠶ᠋ᠯ ᠳᠤ ᠴᠢᠭᠯᠡᠭᠦᠯᠦᠨ ᠠᠮᠤᠷ ᠲᠦᠪᠰᠢᠨ ᠢᠶᠠᠷ

ᠪᠠᠷᠢᠯᠭ᠎ᠠ ᠪᠠᠷᠢᠬᠤ ᠲᠥᠰᠦᠯ ᠢ ᠰᠠᠶᠢᠲᠤᠷ ᠬᠢᠵᠦ᠂ ᠠᠯᠬᠤᠮ ᠳᠠᠷᠠᠭ᠎ᠠ ᠲᠠᠢ ᠪᠠᠷ ᠦᠷᠭᠦᠯᠵᠢᠯᠡᠨ ᠳᠤᠲᠠᠭᠳᠠᠯ ᠢ

ᠠᠷᠢᠯᠭᠠᠬᠤ ᠠᠵᠢᠯ ᠢ ᠰᠠᠶᠢᠲᠤᠷ ᠠᠳᠬᠤᠵᠤ᠂ ᠪᠥᠲᠥᠭᠡᠨ ᠪᠠᠶᠢᠭᠤᠯᠤᠯᠲᠠ ᠶᠢᠨ ᠨᠢᠭᠡᠴᠡ ᠳᠤ ᠬᠠᠨᠤᠮᠵᠢᠲᠠᠶ

ᠢᠨᠵᠧᠨᠧᠷᠢᠩ ᠲᠤᠰᠢᠶᠠᠵᠤ᠂ ᠳᠠᠬᠢᠨ ᠥᠪᠥᠷ ᠮᠣᠩᠭᠤᠯ ᠤᠨ ᠲᠡᠮᠦᠷ ᠵᠠᠮ ᠤᠨ ᠴᠡᠷᠢᠭ ᠤᠨ ᠴᠤᠭ ᠵᠢᠪᠬᠤᠭ᠎ᠠ ᠶᠢ

ᠢᠯᠡᠷᠡᠭᠦᠯᠬᠦ ᠪᠣᠯᠤᠨ᠎ᠠ᠃ ︵ᠢᠷᠡᠯᠲᠡ᠄ ᠥᠪᠥᠷ ᠮᠣᠩᠭᠤᠯ ᠤᠨ ᠴᠠᠬᠢᠯᠭᠠᠨ ᠬᠦᠷᠭᠡᠬᠦ ᠬᠤᠪᠢᠰᠬᠠᠬᠤ ᠺᠣᠮᠫᠠᠨᠢ︶ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2