ᠰᠢᠶᠠᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠯᠠᠨ ᠲᠦᠮᠡᠨ ᠤ ᠢᠲᠡᠭᠡᠯ ᠬᠦᠨᠳᠦ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/12/2

    ᠡᠨᠡ ᠵᠢᠯ ᠠᠴᠠ ᠨᠠᠰᠢ᠂ ᠮᠠᠨ ᠤ ᠰᠢᠶᠠᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠨᠢᠭᠡ

ᠲᠠᠯ᠎ᠠ ᠪᠠᠷ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠶᠢ ᠠᠳᠬᠤᠵᠤ᠂ ᠨᠢᠭᠡ ᠲᠠᠯ᠎ᠠ ᠪᠠᠷ ᠦᠢᠯᠡᠴᠢᠯᠡᠭᠡ

ᠬᠠᠮᠢᠶᠠᠷᠤᠯᠲᠠ ᠶᠢ ᠠᠳᠬᠤᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠯᠠᠨ ᠲᠦᠮᠡᠨ ᠤ

ᠢᠲᠡᠭᠡᠯ ᠬᠦᠨᠳᠦ ᠶᠢ ᠳᠡᠭᠡᠭᠰᠢᠯᠡᠭᠦᠯᠪᠡ᠃

    ᠨᠢᠭᠡ ᠳᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠣᠯᠠᠨ ᠲᠦᠮᠡᠨ ᠢ ᠰᠡᠳᠬᠢᠯ ᠬᠠᠨᠤᠮᠵᠢᠲᠠᠶ

ᠪᠠᠶᠢᠯᠭᠠᠬᠤ︾ ᠶᠢ ᠢᠮᠠᠭᠲᠠ ᠠᠵᠢᠯ ᠤᠨ ᠢᠶᠠᠨ ᠡᠭᠦᠰᠦᠯᠲᠡ ᠪᠠ ᠵᠣᠭᠰᠣᠴᠠ ᠪᠣᠯᠭᠠᠵᠤ᠂ ᠬᠢᠯᠪᠠᠷ ᠣᠶᠢᠯᠠᠭᠠᠮᠵᠢᠲᠠᠶ

ᠦᠶ᠋ᠯᠡᠴᠢᠯᠡᠭᠡᠨ ᠤ ᠵᠦᠭᠯᠡᠭᠦᠷ ᠢ ᠳᠠᠷᠤᠮᠠᠯᠯᠠᠨ ᠵᠣᠬᠢᠶᠠᠵᠤ᠂ ᠮᠠᠲ᠋ᠧᠷᠢᠶᠠᠯ ᠤᠨ ᠭᠠᠷᠴᠠᠭ ᠪᠠ ᠮᠠᠲ᠋ᠧᠷᠢᠶᠠᠯ ᠤᠨ ᠵᠢᠱᠢᠶ᠎ᠡ

ᠦᠵᠡᠭᠦᠯᠬᠦ ᠶᠢ ᠪᠠᠭᠲᠠᠭᠠᠵᠤ᠂ ᠡᠳᠦᠷ ᠲᠤᠲᠤᠮ ᠤᠨ ᠭᠥᠯᠢᠶᠡᠨ ᠠᠪᠴᠤ ᠰᠢᠶ᠋ᠳᠪᠦᠷᠢᠯᠡᠬᠦ ᠶᠠᠪᠤᠴᠠ ᠳᠤ ᠪᠥᠬᠦ

ᠠᠵᠢᠯᠲᠠᠳ ᠭᠦᠶ᠋ᠴᠡᠳ ᠦᠢᠯᠡᠴᠢᠯᠡᠵᠦ᠂ ᠣᠯᠠᠨ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠬᠡᠷᠡᠭᠲᠡᠶ᠃

    ᠬᠤᠶᠠᠷ ᠲᠤ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠪᠠ᠃ ︽ᠲᠠᠪᠴᠠᠩ ᠤᠨ ᠡᠮᠦᠨᠡᠬᠢ︾ ᠬᠠᠲᠠᠭᠤ

ᠬᠡᠷᠡᠭᠰᠡᠯ ᠤᠨ ᠵᠢᠷᠤᠮᠵᠢᠯ ᠪᠠ ︽ᠠᠷᠤ ᠲᠠᠯ᠎ᠠ︾ ᠶᠢᠨ ᠦᠢᠯᠡᠴᠢᠯᠡᠭᠡ ᠶᠢ ᠡᠮᠬᠢᠯᠡᠨ ᠨᠡᠶᠢᠯᠡᠭᠦᠯᠵᠦ ᠵᠡᠷᠭᠡᠪᠡᠷ

ᠴᠢᠬᠤᠯᠠᠴᠢᠯᠠᠬᠤ ᠵᠡᠷᠭᠡ ᠠᠭᠤᠯᠭ᠎ᠠ ᠶᠢ ᠪᠠᠷᠢᠮᠲᠠᠯᠠᠵᠤ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠳᠥᠭᠦᠮ

ᠦᠵᠡᠭᠦᠯᠦᠨ᠎ᠡ᠃

    ᠭᠤᠷᠪᠠ ᠳᠤ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠪᠡ᠃ ᠬᠢᠨᠠᠨ ᠵᠥᠪᠰᠢᠶᠡᠷᠡᠬᠦ ᠦᠢᠯᠡ

ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠶᠠᠪᠤᠳᠠᠯ ᠭᠦᠢᠴᠡᠳᠭᠡᠬᠦ ᠳᠡᠰ ᠳᠠᠷᠠᠭᠠᠯᠠᠯ ᠢ

ᠳᠦᠭᠦᠮᠴᠢᠯᠡᠨ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ

ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠪᠠᠶᠢᠳᠠᠯ ᠳᠣᠣᠷ᠎ᠠ᠂ ᠳᠠᠷᠦ᠋ᠢᠬᠠᠨ ᠭᠦᠢᠴᠡᠳᠭᠡᠵᠦ᠂ ᠠᠵᠢᠯ ᠶᠠᠪᠤᠳᠠᠯ

ᠭᠦᠢᠴᠡᠳᠭᠡᠬᠦ ᠪᠠᠷ ᠢᠷᠡᠭᠰᠡᠨ ᠣᠯᠠᠨ ᠲᠦᠮᠡᠨ ᠨᠢᠭᠡᠪᠦᠷᠢ ᠶᠢ ᠴᠥᠮ ᠰᠡᠳᠬᠢᠯ ᠬᠠᠨᠤᠮᠵᠢᠲᠠᠢ ᠪᠤᠴᠠᠭᠠᠬᠤ ᠬᠡᠷᠡᠭᠲᠡᠢ᠃

    ᠲᠦᠷᠪᠡ ᠳᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠪᠠ᠃ ᠥᠯᠥ ᠬᠥᠳᠡᠯᠬᠦ ᠬᠥᠷᠥᠩᠭᠡ ᠶᠢᠨ

ᠪᠣᠯᠪᠠᠰᠤᠷᠠᠭᠤᠯᠤᠯ ᠤᠨ ᠮᠠᠲ᠋ᠧᠷᠢᠶᠠᠯ ᠢ ᠨᠠᠶᠢᠷᠠᠭᠤᠯᠤᠨ ᠳᠠᠷᠤᠮᠠᠯᠯᠠᠵᠤ᠂ ᠬᠥᠮᠦᠨ ᠪᠦᠬᠦᠨ ᠨᠢᠭᠡ ᠳᠡᠪᠲᠡᠷᠯᠡᠵᠦ᠂

ᠲᠤᠬᠠᠶᠢᠯᠠᠭᠰᠠᠨ ᠠᠵᠢᠯ ᠤᠨ ᠬᠡᠪ ᠴᠢᠨᠠᠷ ᠤᠨ ᠪᠣᠯᠪᠠᠰᠤᠷᠠᠭᠤᠯᠤᠯ ᠪᠠ ᠦᠢᠯᠡᠴᠢᠯᠡᠭᠡᠨ ᠤ ᠠᠷᠭ᠎ᠠ ᠮᠠᠶ᠋ᠢᠭ ᠤᠨ

ᠰᠢᠨ᠎ᠡ ᠶᠢ ᠡᠭᠦᠳᠬᠦ ᠶᠢ ᠴᠢᠩᠭᠠᠳᠬᠠᠨ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂

ᠥᠯᠥ ᠬᠥᠳᠡᠯᠬᠦ ᠬᠥᠷᠥᠩᠭᠡ ᠶᠢᠨ ᠲᠡᠷᠢᠭᠦᠨ ᠤ ᠦᠢᠯᠡᠴᠢᠯᠡᠭᠡᠨ ᠤ ᠪᠠᠶᠢᠭᠤᠯᠤᠮᠵᠢ ᠶᠢ ᠴᠢᠷᠮᠠᠶᠢᠨ ᠪᠣᠶ ᠪᠣᠯᠭᠠᠨ᠎ᠠ᠃

    ᠲᠠᠪᠤ ᠳᠤ ᠰᠢᠮᠳᠠᠭᠤᠯᠤᠨ ᠪᠠᠶᠢᠴᠠᠭᠠᠬᠤ ᠶᠢ ᠴᠢᠩᠳᠠᠯᠠᠬᠤ ᠬᠡᠷᠡᠭᠲᠡᠶ᠃ ᠥᠯᠥ ᠬᠥᠳᠡᠯᠬᠦ ᠬᠥᠷᠥᠩᠭᠡ ᠶᠢᠨ

ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ᠂ ᠰᠦᠢᠳᠬᠡᠯ ᠬᠤᠷᠢᠶᠠᠬᠤ ᠲᠣᠭᠲᠠᠭᠠᠯ ᠵᠡᠷᠭᠡ ᠮᠡᠳᠡᠭᠡ ᠵᠠᠩᠭᠢ ᠶᠢ

ᠲᠣᠪᠴᠢᠶ᠎ᠠ ᠶᠢᠨ ᠰᠦᠯᠵᠢᠶ᠎ᠡ ᠪᠠᠷ ᠳᠠᠮᠵᠢᠭᠤᠯᠤᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠨᠡᠶᠢᠲᠡᠯᠡᠵᠦ᠂ ᠣᠯᠠᠨ

ᠲᠦᠮᠡᠨ ᠤ ᠬᠢᠨᠠᠯᠲᠠ ᠶᠢ ᠬᠦᠯᠢᠶᠡᠵᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠬᠤ ᠶᠢᠨ ᠬᠠᠮᠲᠤ

ᠰᠢᠮᠳᠠᠭᠤᠯᠤᠨ ᠰᠢᠢᠳᠪᠦᠷᠢᠯᠡᠬᠦ ᠶᠢ ᠰᠠᠶᠢᠲᠤᠷ ᠠᠳᠬᠤᠵᠤ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠪᠣᠳᠠᠲᠤ

ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2