ᠰᠢᠶᠠᠨ ᠤ ᠬᠢᠨᠠᠨ ᠪᠣᠳᠣᠬᠤ ᠲᠣᠪᠴᠢᠶ᠎ᠠ ᠵᠢᠯ ᠤᠨ ᠡᠴᠦᠰ ᠤᠨ ᠰᠡᠭᠦᠯ ᠬᠤᠷᠢᠶᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ
ᠨᠡᠶᠢᠲᠡᠯᠡᠭᠰᠡᠨ ᠴᠠᠭ᠄
2024/12/20

    ᠵᠢᠯ ᠤᠨ ᠡᠴᠦᠰ ᠪᠣᠯᠬᠤ ᠳᠤ᠂ 2024 ᠣᠨ ᠤ ᠡᠯ᠎ᠡ ᠵᠦᠢᠯ ᠤᠨ ᠬᠢᠨᠠᠨ ᠪᠤᠳᠤᠬᠤ ᠠᠵᠢᠯ ᠤᠨ ᠥᠨᠳᠥᠷ

ᠪᠠᠷᠢᠮᠵᠢᠶ᠎ᠠ᠂ ᠥᠨᠳᠥᠷ ᠱᠠᠭᠠᠷᠳᠠᠯᠭ᠎ᠠ᠂ ᠴᠢᠨᠠᠷ ᠰᠠᠶᠢᠲᠠᠶ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠬᠤ ᠶᠢᠨ

ᠲᠥᠯᠥᠭᠡ᠂ ᠬᠤᠸᠠᠳᠧ ᠰᠢᠶᠠᠨ ᠤ ᠬᠢᠨᠠᠨ ᠪᠤᠳᠤᠬᠤ ᠲᠣᠪᠴᠢᠶ᠎ᠠ ᠪᠥᠬᠦ ᠵᠢᠯ ᠤᠨ ᠬᠢᠨᠠᠨ ᠪᠤᠳᠤᠬᠤ ᠲᠥᠷᠥᠯ ᠵᠦᠢᠯ ᠤᠨ

ᠠᠬᠢᠴᠠ ᠶᠢᠨ ᠪᠠᠶᠢᠳᠠᠯ ᠲᠠᠢ ᠤᠶᠠᠯᠳᠤᠭᠤᠯᠤᠨ᠂ ᠠᠯᠳᠠᠭᠳᠠᠯ ᠢ ᠨᠠᠷᠢᠨ ᠬᠢᠨᠠᠮᠠᠭᠠᠶ ᠪᠠᠶᠢᠴᠠᠭᠠᠨ ᠨᠥᠬᠦᠪᠥᠷᠢᠯᠡᠵᠦ᠂

ᠵᠢᠯ ᠤᠨ ᠡᠴᠦᠰ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃

    ᠨᠢᠭᠡ ᠳᠤ᠂ ᠲᠦᠷᠦᠯ ᠵᠦᠢᠯ ᠤᠨ ︽ᠪᠤᠴᠠᠵᠤ ᠪᠠᠶᠢᠴᠠᠭᠠᠨ ᠦᠵᠡᠬᠦ︾ ᠶᠢ ᠰᠠᠶᠢᠲᠤᠷ ᠬᠢᠪᠡ᠃ ᠵᠢᠯ ᠤᠨ ᠡᠬᠢᠨ ᠤ

ᠬᠠᠷᠠᠯᠲᠠ ᠡᠭᠦᠷᠭᠡ ᠪᠠ ᠠᠵᠢᠯ ᠤᠨ ᠲᠥᠯᠥᠪᠯᠡᠭᠡ ᠲᠠᠢ ᠬᠠᠷᠢᠴᠠᠭᠤᠯᠤᠨ᠂ ᠨᠢᠭᠡᠨᠲᠡ ᠪᠡᠶᠡᠯᠡᠭᠦᠯᠦᠭᠰᠡᠨ ᠬᠢᠨᠠᠨ ᠪᠤᠳᠤᠬᠤ

ᠲᠥᠷᠥᠯ ᠵᠦᠢᠯ ᠢ ᠨᠠᠷᠢᠨ ᠬᠢᠨᠠᠮᠠᠭᠠᠶ ᠡᠮᠬᠢᠯᠡᠵᠦ᠂ ᠬᠢᠨᠠᠨ ᠪᠤᠳᠤᠬᠤ ᠲᠥᠷᠥᠯ ᠵᠦᠢᠯ ᠤᠨ ᠰᠡᠭᠦᠯ ᠬᠤᠷᠢᠶᠠᠬᠤ ᠠᠵᠢᠯ ᠢ

ᠰᠠᠶᠢᠲᠤᠷ ᠬᠢᠵᠦ᠂ ᠶᠠᠭ ᠬᠡᠷᠡᠭᠵᠢᠭᠦᠯᠵᠦ ᠪᠠᠶᠢᠭ᠎ᠠ ᠬᠢᠨᠠᠨ ᠪᠤᠳᠤᠬᠤ ᠲᠥᠷᠥᠯ ᠵᠦᠢᠯ ᠢ ᠬᠢᠨᠠᠨ ᠪᠤᠳᠤᠬᠤ ᠲᠥᠷᠥᠯ

ᠵᠦᠢᠯ ᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠲᠤᠬᠠᠶ ᠶᠢᠨ ᠲᠠᠯᠠᠪᠤᠷ ᠤᠨ ᠬᠢᠨᠠᠨ ᠪᠤᠳᠤᠬᠤ ᠠᠵᠢᠯ ᠤᠨ

ᠠᠬᠢᠴᠠ ᠶᠢ ᠲᠦᠷᠭᠡᠳᠬᠡᠵᠦ᠂ ᠪᠥᠬᠦ ᠵᠢᠯ ᠤᠨ ᠬᠢᠨᠠᠨ ᠪᠤᠳᠤᠬᠤ ᠲᠥᠷᠥᠯ ᠵᠦᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ

ᠦᠨᠡᠨᠬᠦ ᠪᠠᠲᠤᠯᠠᠪᠠ᠃

    ᠬᠤᠶᠠᠷ ᠲᠤ᠂ ᠲᠥᠷᠥᠯ ᠵᠦᠢᠯ ᠢ ᠡᠪᠬᠡᠮᠡᠯᠯᠡᠵᠦ ᠳᠠᠩᠰᠠᠯᠠᠬᠤ ᠠᠵᠢᠯ ᠢ ᠰᠠᠶᠢᠲᠤᠷ ᠬᠢᠪᠡ᠃ ᠳᠤᠲᠠᠭᠤ ᠶᠢ

ᠪᠠᠶᠢᠴᠠᠭᠠᠵᠤ ᠳᠤᠲᠠᠭᠤ ᠶᠢ ᠨᠥᠬᠦᠪᠥᠷᠢᠯᠡᠬᠦ ᠠᠵᠢᠯ ᠢ ᠬᠢᠨᠠᠮᠠᠭᠠᠶ ᠥᠷᠨᠢᠭᠦᠯᠵᠦ᠂ ᠲᠥᠷᠥᠯ ᠵᠦᠢᠯ ᠢ ᠡᠪᠬᠡᠮᠡᠯ ᠳᠠᠩᠰᠠ

ᠡᠪᠬᠡᠮᠡᠯ ᠳᠤ ᠣᠷᠣᠭᠤᠯᠬᠤ ᠠᠵᠢᠯ ᠢ ᠰᠠᠶᠢᠲᠤᠷ ᠬᠢᠵᠦ᠂ ᠳᠠᠩᠰᠠ ᠡᠪᠬᠡᠮᠡᠯ ᠤᠨ ᠮᠠᠲ᠋ᠧᠷᠢᠶᠠᠯ ᠨᠢ ᠪᠦᠷᠢᠨ ᠪᠦᠲᠦᠨ

ᠪᠠᠶᠢᠬᠤ ᠡᠰᠡᠬᠦ᠂ ᠭᠠᠷ ᠤᠨ ᠦᠰᠦᠭ ᠵᠢᠷᠤᠭᠰᠠᠨ ᠨᠢ ᠪᠦᠷᠢᠨ ᠲᠡᠭᠦᠯᠳᠡᠷ ᠪᠠᠶᠢᠬᠤ ᠡᠰᠡᠬᠦ᠂ ᠪᠢᠴᠢᠭ ᠬᠠᠷ᠎ᠠ ᠶᠢᠨ

ᠬᠡᠯᠪᠡᠷᠢ ᠨᠢ ᠵᠢᠷᠤᠮᠵᠢᠯ ᠲᠠᠢ ᠪᠠᠶᠢᠬᠤ ᠡᠰᠡᠬᠦ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠵᠤ᠂ ᠲᠥᠷᠥᠯ

ᠵᠦᠢᠯ ᠤᠨ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠳᠠᠬᠢᠨ ᠪᠠᠶᠢᠴᠠᠭᠠᠬᠤ᠂ ᠳᠡᠩᠰᠡᠯᠡᠨ ᠲᠡᠮᠳᠡᠭᠯᠡᠬᠦ᠂ ᠳᠠᠩᠰᠠ

ᠡᠪᠬᠡᠮᠡᠯ ᠳᠤ ᠣᠷᠣᠭᠤᠯᠬᠤ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠭᠡᠷᠡᠴᠢ ᠠᠪᠬᠤ ᠮᠠᠲ᠋ᠧᠷᠢᠶᠠᠯ ᠤᠨ ᠪᠦᠷᠢᠨ

ᠪᠦᠲᠦᠨ ᠴᠢᠨᠠᠷ ᠪᠠ ᠬᠢᠨᠠᠨ ᠪᠣᠳᠣᠯᠲᠠ ᠶᠢᠨ ᠡᠬᠡ ᠨᠣᠣᠷᠠᠭ ᠤᠨ ᠨᠠᠶᠢᠷᠠᠭᠤᠯᠤᠨ ᠵᠣᠬᠢᠶᠠᠭᠰᠠᠨ ᠵᠢᠷᠤᠮᠵᠢᠯ ᠤᠨ

ᠴᠢᠨᠠᠷᠲᠠᠶ ᠬᠢᠨᠠᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠶ᠃

    ᠭᠤᠷᠪᠠ ᠳᠤ᠂ ᠢᠷᠡᠬᠦ ᠵᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠎ᠡ᠃ ᠰᠢᠶᠠᠨ ᠤ

ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ ᠭᠤᠣᠯ ᠬᠠᠷᠢᠭᠤᠴᠠᠯᠭ᠎ᠠ

ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ᠂ ᠤᠯᠠᠨ

ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠠᠩᠬᠠᠷᠴᠤ᠂

2025 ᠣᠨ ᠤ ᠬᠢᠨᠠᠨ ᠪᠤᠳᠤᠬᠤ ᠠᠵᠢᠯ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂

ᠳᠠᠷᠠᠭᠠᠴᠢ ᠶᠢᠨ ᠵᠢᠯ ᠤᠨ ᠬᠢᠨᠠᠨ ᠪᠤᠳᠤᠬᠤ ᠠᠵᠢᠯ ᠤᠨ ᠰᠠᠶᠢᠨ ᠡᠬᠢᠯᠡᠯᠲᠡ ᠲᠠᠢ ᠪᠣᠯᠭᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2