ᠬᠤᠸᠠᠳᠧ ᠰᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/20

   12 ᠰᠠᠷ᠎ᠠ ᠶᠢᠨ 20 ᠤ ᠡᠳᠦᠷ᠂ ᠬᠤᠸᠠᠳᠧ ᠰᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ

ᠪᠠᠶᠢᠯᠳᠤᠬᠤ ᠪᠣᠳᠣᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ

ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋

ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠢᠦᠢ ᠱᠧᠩ ᠬᠤᠷᠠᠯ ᠳᠤ ᠣᠷᠣᠯᠴᠠᠵᠤ

ᠶᠠᠷᠢᠶ᠎ᠠ ᠲᠠᠯᠪᠢᠵᠠᠢ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠸᠧ ᠬᠤᠩ ᡁᠢ ᠬᠤᠷᠠᠯ ᠡᠷᠭᠢᠯᠡᠪᠡ᠃

1734703779964098572.jpg

    ᠬᠤᠷᠠᠯ ᠳᠡᠭᠡᠷ᠎ᠡ᠂ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠭᠤᠤᠯ

ᠬᠠᠷᠢᠭᠤᠴᠠᠯᠭᠠᠲᠠᠨ ᠪᠣᠯᠤᠨ ᠬᠤᠷᠠᠯ ᠳᠤ ᠣᠷᠣᠯᠴᠠᠭᠰᠠᠳ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠭᠰᠡᠨ ᠪᠥᠭᠡᠳ

ᠲᠤᠬᠠᠶ ᠶᠢᠨ ᠲᠠᠯᠠᠪᠤᠷ ᠲᠤ ᠰᠢᠯᠭᠠᠯᠲᠠ ᠬᠢᠵᠡᠶ᠃

    ᠬᠤᠷᠠᠯ ᠠᠴᠠ ᠴᠢᠬᠤᠯᠠᠴᠢᠯᠠᠭᠰᠠᠨ ᠨᠢ᠂ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂

ᠲᠠᠨᠢᠯᠲᠠ ᠶᠢᠨ ᠲᠠᠯ᠎ᠠ ᠪᠠᠷ ᠳᠠᠬᠢᠨ ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠳᠠᠬᠢᠨ ᠣᠶᠢᠯᠠᠭᠠᠵᠤ᠂

ᠬᠠᠷᠢᠭᠤᠴᠠᠯᠭ᠎ᠠ ᠶᠢᠨ ᠲᠠᠯ᠎ᠠ ᠪᠠᠷ ᠳᠠᠬᠢᠨ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠳᠠᠬᠢᠨ

ᠣᠨᠣᠪᠴᠢᠲᠠᠶ ᠪᠠᠶᠢᠵᠤ᠂ ᠬᠠᠷᠠᠯᠲᠠ ᠶᠢᠨ ᠪᠠᠷᠢᠮᠵᠢᠶ᠎ᠠ ᠪᠣᠯᠤᠨ ᠶᠠᠰᠤ ᠴᠢᠨᠠᠷ ᠤᠨ ᠤᠳᠤᠷᠢᠳᠤᠮᠵᠢ ᠶᠢ ᠪᠠᠷᠢᠮᠲᠠᠯᠠᠵᠤ᠂

ᠦᠨᠡᠯᠡᠨ ᠵᠢᠱᠢᠬᠦ ᠭᠦᠶ᠋ᠴᠡᠳᠬᠡᠯ ᠲᠤᠭ᠎ᠠ ᠪᠣᠯᠤᠨ ᠠᠵᠢᠯ ᠤᠨ ᠪᠠᠷᠢᠮᠵᠢᠶ᠎ᠠ ᠲᠠᠢ ᠬᠠᠷᠭᠤᠭᠤᠯᠵᠤ᠂ ᠮᠢᠨᠴᠦᠭᠦᠷᠡᠨ

ᠲᠠᠶᠢᠪᠤᠰᠢᠷᠠᠬᠤ᠂ ᠭᠤᠷᠢᠳᠠᠬᠤ ᠪᠣᠳᠣᠯ ᠢ ᠡᠷᠡᠰ ᠲᠡᠪᠴᠢᠵᠦ᠂ ᠬᠢᠨᠠᠨ ᠰᠢᠯᠭᠠᠵᠤ ᠦᠨᠡᠯᠡᠨ ᠵᠢᠱᠢᠬᠦ ᠶᠢ ᠤᠭᠲᠤᠬᠤ ᠶᠢ

ᠦᠨᠡᠨ ᠬᠦ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠦᠷᠭᠦᠯᠵᠢᠯᠡᠨ ᠪᠠᠶᠢᠯᠳᠤᠬᠤ ᠰᠤᠷᠲᠠᠯ ᠢ

ᠦᠷᠭᠦᠯᠵᠢᠯᠡᠨ ᠪᠠᠳᠠᠷᠠᠭᠤᠯᠵᠤ᠂ ᠡᠯ᠎ᠡ ᠲᠥᠷᠥᠯ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠦᠨᠡᠨ

ᠰᠡᠳᠬᠢᠯ ᠠᠴᠠ ᠪᠠᠨ ᠣᠯᠠᠨ ᠲᠦᠮᠡᠨ ᠢ ᠬᠠᠪᠰᠤᠷᠤᠨ ᠰᠡᠷᠡᠭᠳᠡᠬᠦ ᠬᠡᠮᠵᠢᠶ᠎ᠡ ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨ

ᠬᠦ ᠳᠡᠭᠡᠭᠰᠢᠯᠡᠭᠦᠯᠵᠦ᠂ ᠣᠯᠠᠨ ᠲᠦᠮᠡᠨ ᠤ ᠮᠡᠳᠡᠷᠡᠮᠵᠢ ᠶᠢᠨ ᠬᠡᠮᠵᠢᠶ᠎ᠡ ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨ ᠬᠦ

ᠳᠡᠭᠡᠭᠰᠢᠯᠡᠭᠦᠯᠵᠦ᠂ ᠦᠷᠭᠦᠯᠵᠢᠯᠡᠨ ᠬᠦᠴᠦᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠡᠯ᠎ᠡ

ᠵᠦᠶ᠋ᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠳᠤ ᠨᠢᠭᠡ ᠬᠤᠪᠢ ᠬᠠᠨᠤᠮᠵᠢᠲᠠᠶ

ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠵᠡᠶ᠃

    ᠡᠯ᠎ᠡ ᠰᠢᠶᠠᠩ ᠪᠠᠯᠭᠠᠰᠤᠨ ᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠡᠯ᠎ᠡ ᠲᠣᠰᠬᠤᠨ ᠤ

ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ ᠶᠢᠨ ᠭᠡᠰᠢᠭᠦᠳ ᠬᠤᠷᠠᠯ ᠳᠤ ᠣᠷᠣᠯᠴᠠᠪᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2