ᠡᠪᠯᠡᠯ ᠤᠨ ᠰᠢᠶᠠᠨ ᠤ ᠨᠠᠮ ᠤᠨ ᠬᠤᠷᠢᠶ᠎ᠠ 2024 ᠣᠨ ᠤ ︽ᠡᠪ ᠬᠠᠮᠲᠤ ᠵᠠᠯᠠᠭᠤᠴᠤᠳ ᠤᠨ ᠡᠪᠯᠡᠯ ᠬᠢᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠨᠢᠭᠤᠷᠳᠠᠨ ᠶᠠᠷᠢᠯᠴᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/12/20

     ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ

ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠯᠠᠭᠤᠴᠤᠳ ᠲᠠᠢ

ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠨᠠᠮ ᠠᠴᠠ ᠣᠯᠭᠤᠭᠰᠠᠨ

ᠡᠬᠢ ᠪᠠᠶᠠᠯᠢᠭ ᠪᠠ ᠠᠷᠭ᠎ᠠ ᠵᠠᠮ ᠢ ᠰᠠᠶᠢᠲᠤᠷ ᠬᠡᠷᠡᠭᠯᠡᠬᠦ ᠶᠢᠨ ᠲᠥᠯᠥᠭᠡ᠂ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ᠂ ᠤᠯᠤᠰ ᠲᠦᠷᠦ ᠶᠢᠨ ᠵᠥᠪᠯᠡᠯᠭᠡᠨ ᠵᠡᠷᠭᠡ ᠳᠦᠷᠢᠮᠵᠢᠭᠰᠡᠨ ᠲᠠᠪᠴᠠᠩ ᠢᠶᠠᠷ ᠳᠠᠮᠵᠢᠭᠤᠯᠤᠨ ᠵᠠᠯᠠᠭᠤᠴᠤᠳ ᠤᠨ

ᠰᠡᠳᠬᠢᠯ ᠤᠨ ᠦᠭᠡ ᠶᠢ ᠳᠠᠮᠵᠢᠭᠤᠯᠵᠤ᠂ ᠵᠠᠯᠠᠭᠤᠴᠤᠳ ᠤᠨ ᠬᠦᠰᠡᠯ ᠡᠷᠡᠮᠡᠯᠵᠡᠯ ᠢ ᠲᠤᠰᠬᠠᠵᠤ᠂ ᠵᠠᠯᠠᠭᠤᠴᠤᠳ ᠤᠨ

ᠬᠥᠭᠵᠢᠯᠲᠡ ᠶᠢ ᠠᠬᠢᠭᠤᠯᠵᠤ᠂ ᠵᠠᠯᠠᠭᠤᠴᠤᠳ ᠢ ᠬᠦᠳᠦᠯᠦᠨ ᠳᠠᠭᠠᠭᠤᠯᠵᠤ ᠭᠠᠪᠢᠶ᠎ᠠ ᠪᠠᠶᠢᠭᠤᠯᠬᠤ ᠬᠡᠷᠡᠭᠲᠡᠢ᠃ 12

ᠰᠠᠷ᠎ᠠ ᠶᠢᠨ 20 ᠤ ᠡᠳᠦᠷ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ 2024 ᠣᠨ ᠤ ︽ᠡᠪ ᠬᠠᠮᠲᠤ

ᠵᠠᠯᠠᠭᠤᠴᠤᠳ ᠤᠨ ᠡᠪᠯᠡᠯ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ

ᠲᠦᠷᠦ ᠶᠢᠨ ᠵᠥᠪᠯᠡᠯᠭᠡᠨ ᠤ ᠭᠡᠰᠢᠭᠦᠳ ᠨᠢᠭᠤᠷᠳᠠᠨ ᠶᠠᠷᠢᠯᠴᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠵᠤ

ᠥᠷᠨᠢᠭᠦᠯᠪᠡ᠃

    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠬᠦᠷᠢᠶᠡᠨ ᠤ ᠲᠥᠯᠥᠭᠡᠯᠡᠭᠴᠢᠳ ︽ᠵᠠᠯᠠᠭᠤᠴᠤᠳ

ᠪᠠᠭᠠᠴᠤᠳ ᠢ ᠬᠠᠪᠰᠤᠷᠤᠨ ᠳᠤᠮᠳᠠᠳᠤ ᠶᠢᠨ ᠰᠣᠶᠣᠯ ᠤᠨ ᠤᠳᠤᠮᠰᠢᠯ ᠢ ᠦᠷᠭᠦᠯᠵᠢᠯᠡᠭᠦᠯᠬᠦ᠂ ᠤᠯᠠᠮᠵᠢᠯᠠᠯᠲᠤ ᠰᠠᠶᠢᠬᠠᠨ

ᠰᠤᠷᠲᠠᠯ ᠢ ᠪᠠᠳᠠᠷᠠᠭᠤᠯᠬᠤ᠂ ᠤᠶᠤᠨ ᠰᠠᠨᠠᠭᠠᠨ ᠤ ᠵᠠᠩ ᠴᠢᠨᠠᠷ ᠢ ᠬᠠᠳᠠᠭᠠᠯᠠᠬᠤ︾ ᠲᠣᠭᠤᠷᠢᠨ ᠳᠤ ᠥᠪᠡᠷ ᠤᠨ ᠠᠵᠢᠯ

ᠪᠣᠯᠤᠨ ᠠᠮᠢᠳᠤᠷᠠᠯ ᠤᠨ ᠳᠤᠮᠳᠠᠬᠢ ᠲᠠᠨᠢᠯᠲᠠ ᠪᠣᠯᠤᠨ ᠣᠶᠢᠯᠠᠭᠠᠯᠲᠠ ᠪᠠᠨ ᠬᠤᠪᠢᠶᠠᠯᠴᠠᠬᠤ ᠶᠢᠨ ᠲᠣᠭᠤᠷᠢᠨ ᠳᠤ

ᠥᠪᠡᠷ ᠤᠨ ᠲᠤᠯᠭᠠᠷᠠᠭᠰᠠᠨ ᠬᠦᠴᠢᠷᠳᠡᠯ ᠪᠣᠯᠤᠨ ᠬᠦᠰᠡᠯ ᠱᠠᠭᠠᠷᠳᠠᠯᠭ᠎ᠠ ᠪᠠᠨ ᠳᠤᠷᠠᠳᠴᠠᠢ᠃ ᠬᠤᠷᠠᠯ ᠳᠤ

ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ

ᠵᠥᠪᠯᠡᠯᠭᠡᠨ ᠤ ᠭᠡᠰᠢᠭᠦᠳ ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠴᠤ᠂ ᠳᠤᠷᠠᠳᠤᠭᠰᠠᠨ ᠠᠰᠠᠭᠤᠳᠠᠯ ᠤᠨ

ᠲᠤᠬᠠᠶ ᠬᠠᠷᠢᠭᠤ ᠲᠤᠰᠬᠠᠯ ᠪᠠ ᠨᠥᠬᠦᠪᠥᠷᠢ ᠥᠭᠭᠦᠭᠰᠡᠨ ᠪᠥᠭᠡᠳ ᠵᠠᠯᠠᠭᠤᠴᠤᠳ ᠪᠠᠭᠠᠴᠤᠳ ᠤᠨ ᠠᠩᠬᠠᠷᠤᠯ ᠳᠤ

ᠰᠠᠭᠤᠷᠢᠯᠠᠨ᠂ ᠰᠢᠨ᠎ᠡ ᠪᠠᠶᠢᠳᠠᠯ ᠳᠣᠤᠷ᠎ᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠰᠤᠷᠭᠠᠨ ᠬᠥᠮᠦᠵᠢᠯ ᠢ

ᠬᠡᠷᠬᠢᠨ ᠶᠡᠭᠡ ᠪᠠᠷ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠰᠣᠶᠣᠯ ᠤᠨ ᠢᠲᠡᠭᠡᠯ ᠢ ᠵᠤᠵᠠᠭᠠᠳᠬᠠᠨ ᠡᠷᠬᠢᠮ

ᠨᠠᠨᠳᠢᠨ ᠰᠠᠨᠠᠭᠤᠯᠭ᠎ᠠ ᠪᠠ ᠰᠠᠨᠠᠯ ᠢ ᠭᠠᠷᠭᠠᠵᠤ᠂ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢᠨ ᠠᠷᠭ᠎ᠠ ᠮᠠᠶ᠋ᠢᠭ ᠢᠶᠠᠷ

ᠳᠠᠮᠵᠢᠭᠤᠯᠤᠨ ᠰᠣᠯᠢᠯᠴᠠᠭᠠᠨ ᠤ ᠦᠷ᠎ᠡ ᠪᠦᠲᠦᠭᠡᠯ ᠢᠶᠠᠨ ᠬᠤᠶᠠᠷ ᠬᠤᠷᠠᠯ ᠳᠡᠭᠡᠷ᠎ᠡ ᠠᠪᠴᠢᠷᠠᠵᠤ᠂ ᠵᠠᠯᠠᠭᠤᠴᠤᠳ

ᠪᠠᠭᠠᠴᠤᠳ ᠤᠨ ᠦᠰᠦᠨ ᠪᠤᠶᠢᠵᠢᠬᠤ ᠬᠥᠭᠵᠢᠯᠲᠡ ᠶᠢᠨ ᠳᠤᠮᠳᠠᠬᠢ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ

ᠦᠷᠭᠦᠯᠵᠢᠯᠡᠨ ᠠᠩᠬᠠᠷᠤᠨ᠎ᠠ ᠭᠡᠵᠦ ᠢᠯᠡᠳᠬᠡᠪᠡ᠃

    ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠢ ᠮᠥᠨ ᠪᠣᠯᠬᠤᠷ ᠪᠦᠬᠦ ᠨᠡᠶᠢᠭᠡᠮ ᠢᠶᠠᠷ ᠢᠶᠠᠨ

ᠰᠡᠳᠬᠢᠯ ᠲᠠᠯᠪᠢᠨ ᠬᠠᠮᠠᠭᠠᠯᠠᠬᠤ ᠬᠡᠷᠡᠭᠲᠡᠢ᠃ ᠳᠠᠷᠠᠭᠠᠴᠢ ᠶᠢᠨ ᠠᠯᠬᠤᠮ ᠳᠤ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ

ᠨᠠᠷᠢᠨ ᠬᠢᠨᠠᠮᠠᠭᠠᠢ ᠡᠮᠬᠢᠯᠡᠵᠦ᠂ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠠᠵᠢᠯ ᠤᠨ ᠳᠤᠮᠳᠠ

ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ

ᠰᠢᠯᠢᠳᠡᠭᠵᠢᠭᠦᠯᠦᠨ ᠪᠠᠳᠠᠷᠠᠭᠤᠯᠵᠤ᠂ ᠡᠯ᠎ᠡ ᠵᠦᠢᠯ ᠤᠨ ᠠᠵᠢᠯ ᠢ ᠰᠢᠰᠲ᠋ᠧᠮᠵᠢᠭᠦᠯᠬᠦ᠂ ᠰᠢᠨᠵᠢᠯᠡᠬᠦ ᠤᠬᠠᠭᠠᠨᠴᠢᠯᠠᠬᠤ ᠶᠢ

ᠠᠬᠢᠭᠤᠯᠤᠨ᠎ᠠ᠃ ᠡᠭᠦᠨ ᠤ ᠬᠠᠮᠲᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠥᠪᠳᠡᠯᠴᠡᠨ ᠣᠷᠣᠯᠠᠨ ᠥᠭᠦᠯᠡᠬᠦ

ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂

ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠵᠠᠯᠠᠭᠤᠴᠤᠳ ᠲᠠᠢ ᠤᠢᠢᠷ᠎ᠠ ᠵᠠᠢ ᠲᠠᠢ ᠨᠡᠪᠲᠡᠷᠡᠯᠴᠡᠬᠦ ᠳᠤ

ᠦᠷᠭᠦᠯᠵᠢᠯᠡᠨ ᠭᠦᠨᠵᠡᠭᠡᠢ ᠲᠠᠪᠴᠠᠩ ᠪᠠᠶᠢᠭᠤᠯᠵᠤ᠂ ︽ᠡᠪ ᠬᠠᠮᠲᠤ ᠵᠠᠯᠠᠭᠤᠴᠤᠳ ᠤᠨ ᠡᠪᠯᠡᠯ ᠪᠣᠯᠤᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ

ᠨᠢᠭᠤᠷᠳᠠᠨ ᠶᠠᠷᠢᠯᠴᠠᠬᠤ︾ ᠠᠵᠢᠯᠯᠠᠭ᠎ᠠ ᠶᠢ ᠥᠷᠭᠡᠨ ᠤᠯᠠᠨ ᠵᠠᠯᠠᠭᠤᠴᠤᠳ ᠤᠨ ᠬᠦᠰᠡᠯ ᠱᠠᠭᠠᠷᠳᠠᠯᠭ᠎ᠠ ᠶᠢ

ᠪᠦᠲᠦᠮᠵᠢᠲᠡᠢ ᠲᠤᠰᠬᠠᠬᠤ ᠰᠢᠭᠤᠳ ᠲᠡᠷᠭᠡ ᠪᠣᠯᠭᠠᠵᠤ᠂ ᠪᠦᠬᠦ ᠨᠡᠶᠢᠭᠡᠮ ᠢᠶᠠᠷ ᠢᠶᠠᠨ ᠵᠠᠯᠠᠭᠤᠴᠤᠳ ᠪᠠᠭᠠᠴᠤᠳ ᠤᠨ

ᠪᠦᠬᠦ ᠲᠠᠯ᠎ᠠ ᠶᠢᠨ ᠬᠥᠭᠵᠢᠯᠲᠡ ᠶᠢ ᠬᠠᠯᠠᠮᠵᠢᠯᠠᠨ ᠠᠩᠬᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ

ᠬᠡᠷᠡᠭᠲᠡᠢ᠃

    ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠤᠤ ᠪᠥᠸᠧ ᠰᠢᠶᠦ᠋ᠩ ᠣᠷᠣᠯᠴᠠᠵᠤ᠂

ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠤᠨ

ᠵᠥᠪᠯᠡᠯ ᠵᠢᠴᠢ ᠬᠤᠯᠪᠣᠭᠳᠠᠯ ᠪᠦᠬᠦᠢ ᠬᠦᠷᠢᠶᠡᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ

ᠠᠵᠢᠯ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2