ᠲᠦᠷᠦᠭᠦᠬᠡᠨ᠂ ᠬᠤᠸᠠᠳᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠠᠶᠠᠨᠲᠠᠯ᠎ᠠ | ᠰᠢᠶᠠᠩ ᠤᠨ ᠪᠠᠶ ᠳᠧᠦ ᠱᠠᠨ ᠲᠣᠰᠬᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠴᠠᠭᠠᠨ ᠰᠤᠳᠤᠯᠤᠯᠲᠠ ᠥᠷᠨᠢᠭᠦᠯᠪᠡ᠃ | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠠᠪᠰᠤᠷᠤᠨ ᠲᠡᠳᠬᠦᠭᠰᠡᠨ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠤᠭᠰᠠᠨ ᠪᠠᠶᠢᠳᠠᠯ | ᠵᠢᠴᠢ ᠳᠠᠭᠠᠭᠠᠴᠢᠯᠠᠨ ᠬᠤᠯᠪᠣᠭᠠᠯᠠᠭᠰᠠᠨ ᠲᠣᠰᠬᠤᠨ ᠤ 2025 ᠣᠨ ᠤ ᠬᠥᠭᠵᠢᠯᠲᠡ ᠶᠢᠨ ᠰᠡᠳᠬᠢᠴᠡ ᠶᠢ | ᠣᠶᠢᠯᠠᠭᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠲᠣᠰᠬᠤᠨ ᠤ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ | ᠪᠠᠶᠢᠳᠠᠯ ᠢ ᠲᠤᠰᠬᠠᠵᠤ᠂ ᠨᠡᠶᠢᠭᠡᠮ ᠤᠨ ᠳᠠᠭᠠᠳᠬᠠᠯ ᠤᠨ ᠺᠠᠷᠲ ᠤᠨ ᠢᠳᠡᠪᠬᠢᠵᠢᠭᠦᠯᠦᠭᠰᠡᠨ᠂ ᠳᠠᠩᠰᠠ ᠰᠢᠯᠵᠢᠭᠦᠯᠦᠨ | ᠵᠣᠭᠤᠰ ᠭᠤᠪᠢᠭᠤᠯᠬᠤ᠂ ᠠᠮᠢᠳᠤᠯᠢᠭ ᠢᠶᠠᠷ ᠠᠵᠢᠯ ᠣᠯᠭᠤᠬᠤ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ | ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠬᠦᠴᠢᠷᠳᠡᠯ ᠣᠷᠣᠰᠢᠵᠤ ᠪᠠᠶᠢᠨ᠎ᠠ᠃ ᠬᠤᠯᠪᠣᠭᠳᠠᠯ | ᠪᠦᠬᠦᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠠᠶ ᠳᠧᠦ ᠱᠠᠨ | ᠲᠣᠰᠬᠤᠨ ᠤ ︽ᠬᠤᠶᠠᠷ ᠵᠥᠪᠯᠡᠯ︾ ᠲᠠᠢ ᠬᠠᠮᠲᠤᠷᠠᠨ ᠦᠳᠲᠡᠷ ᠲᠦᠷᠭᠡᠨ ᠬᠥᠳᠡᠯᠦᠯᠴᠡᠵᠦ᠂ ᠰᠢᠶᠠᠨ ᠤ ᠬᠥᠳᠡᠭᠡ | ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢ ᠵᠣᠬᠢᠴᠠᠭᠤᠯᠵᠤ᠂ ︽ᠨᠡᠭᠦᠳᠡᠯ ᠦᠢᠯᠡᠴᠢᠯᠡᠭᠡᠨ ᠤ ᠲᠡᠷᠭᠡ︾ | ᠶᠢ ᠲᠠᠷᠢᠶᠠᠨ ᠭᠠᠵᠠᠷ ᠲᠤ ᠭᠠᠷᠭᠠᠵᠤ᠂ ᠭᠡᠷ ᠤᠨ ᠡᠭᠦᠳᠡᠨ ᠳᠠᠬᠢ ᠪᠠᠩᠬᠢ ᠶᠢ ᠪᠠᠶᠢᠭᠤᠯᠤᠨ᠎ᠠ᠃ ᠠᠵᠢᠯᠲᠠᠳ ᠲᠤᠬᠠᠶ ᠶᠢᠨ | ᠲᠠᠯᠠᠪᠤᠷ ᠲᠤ ᠠᠰᠠᠭᠤᠨ ᠯᠠᠪᠯᠠᠬᠤ᠂ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠲᠤᠬᠠᠶ ᠶᠢᠨ | ᠲᠠᠯᠠᠪᠤᠷ ᠲᠤ ᠭᠦᠢᠴᠡᠳᠭᠡᠬᠦ ᠠᠷᠭ᠎ᠠ ᠮᠠᠶ᠋ᠢᠭ ᠢᠶᠠᠷ ᠲᠣᠰᠬᠤᠨ ᠤ ᠠᠷᠠᠳ ᠤᠨ ︽ᠪᠠᠴᠢᠮ ᠪᠡᠷᠬᠡ ᠵᠣᠪᠠᠨᠢᠯ︾ ᠤᠨ | ᠠᠰᠠᠭᠤᠳᠠᠯ ᠢ ᠰᠢᠢᠳᠪᠦᠷᠢᠯᠡᠪᠡ᠃ | ᠳᠠᠷᠠᠭᠠᠴᠢ ᠶᠢᠨ ᠠᠯᠬᠤᠮ ᠳᠤ᠂ ᠬᠤᠸᠠᠳᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠲᠣᠰᠬᠤᠨ ᠡᠷᠦᠬᠡ ᠬᠤᠯᠪᠣᠭᠠᠯᠠᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠨᠠᠮ ᠤᠨ | ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ | ᠠᠵᠢᠯ ᠤᠨ ᠠᠷᠭ᠎ᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ︽ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ | ᠰᠠᠭᠤᠬᠤ ᠳᠤ ᠲᠣᠬᠢᠷᠠᠮᠵᠢᠲᠠᠢ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ | ᠴᠢᠨᠡᠭᠡᠯᠢᠭ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 20 ᠦᠰᠦᠭ ᠤᠨ ᠴᠢᠭᠯᠡᠯᠲᠡ ᠶᠢᠨ | ᠲᠣᠭᠤᠷᠢᠨ ᠳᠤ᠂ ᠵᠠᠰᠠᠯᠲᠠ ᠶᠢᠨ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠤᠯᠠᠨ ᠲᠦᠮᠡᠨ ᠳᠤ ᠢᠳᠡᠪᠬᠢᠲᠡᠢ | ᠦᠢᠯᠡᠴᠢᠯᠡᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠳᠤᠮᠳᠠ ᠨᠡᠩ ᠶᠡᠭᠡ ᠰᠢᠨ᠎ᠡ ᠬᠤᠪᠢ | ᠨᠡᠮᠡᠷᠢ ᠦᠵᠡᠭᠦᠯᠬᠦ ᠪᠠᠷ ᠴᠢᠷᠮᠠᠶᠢᠨ᠎ᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |