ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠣᠳᠣᠬᠢ ᠪᠠᠶᠢᠳᠠᠯ ᠢ | ᠰᠠᠶᠢᠵᠢᠷᠠᠭᠤᠯᠵᠤ᠂ ᠪᠤᠶᠢᠳᠠ ᠪᠥᠭᠯᠡᠭᠦᠦ ᠵᠠᠰᠠᠭ ᠵᠠᠬᠢᠷᠭᠠᠨ ᠤ ᠲᠣᠰᠬᠤᠨ ᠤ ᠬᠤᠭ ᠨᠣᠪᠰᠢ ᠶᠢ ᠵᠠᠰᠠᠬᠤ ᠳᠤ ᠬᠦᠴᠢᠷᠲᠡᠶ | ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠳᠤ᠂ ᠬᠤᠸᠠᠳᠧ ᠰᠢᠶᠠᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠭᠦᠨᠤᠯᠠᠭᠠᠨᠬᠤᠳᠳᠤᠭ ᠰᠢᠶᠠᠩ᠂ | ᠳᠣᠯᠣᠳᠤᠭᠠᠷ ᠪᠠᠯᠭᠠᠰᠤᠨ ᠳᠤ ᠬᠤᠶᠠᠷ ᠰᠢᠯᠵᠢᠮᠡᠯ ᠣᠶᠤᠨᠴᠢ ᠨᠢᠭᠡ ᠴᠣᠭᠴᠠᠵᠢᠭᠤᠯᠤᠭᠰᠠᠨ ᠬᠤᠭ ᠨᠣᠪᠰᠢ ᠶᠢ | ᠥᠨᠳᠥᠷ ᠳᠤᠯᠠᠭᠠᠨ ᠳᠤ ᠰᠢᠢᠳᠪᠦᠷᠢᠯᠡᠬᠦ ᠰᠢᠰᠲ᠋ᠧᠮ ᠲᠤᠰᠢᠶᠠᠪᠠ᠃ | | ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠳᠡᠭᠡᠷ᠎ᠡ᠂ ᠰᠢᠶᠠᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠰᠢᠰᠲ᠋ᠧᠮ ᠳᠤ ᠰᠢᠯᠭᠠᠯᠲᠠ ᠬᠢᠵᠦ᠂ ᠰᠢᠶᠠᠩ ᠪᠠᠯᠭᠠᠰᠤᠨ ᠤ | ᠠᠵᠢᠯᠲᠠᠨ ᠢ ᠵᠢᠯᠣᠭᠤᠳᠤᠨ ᠲᠤᠬᠠᠶ ᠶᠢᠨ ᠲᠠᠯᠠᠪᠤᠷ ᠲᠤ ᠠᠵᠢᠯᠯᠠᠭᠤᠯᠵᠤ᠂ ᠰᠢᠯᠵᠢᠮᠡᠯ ᠣᠶᠤᠨᠴᠢ ᠨᠢᠭᠡ ᠴᠣᠭᠴᠠᠵᠢᠭᠰᠠᠨ | ᠬᠤᠭ ᠨᠣᠪᠰᠢ ᠶᠢ ᠥᠨᠳᠥᠷ ᠬᠠᠯᠠᠭᠤᠨ ᠢᠶᠠᠷ ᠰᠢᠢᠳᠪᠦᠷᠢᠯᠡᠬᠦ ᠰᠢᠰᠲ᠋ᠧᠮ ᠤᠨ ᠠᠵᠢᠯᠯᠠᠭᠠᠨ ᠤ ᠬᠡᠪ ᠤᠨ ᠪᠠᠶᠢᠳᠠᠯ ᠢ | ᠦᠨᠡᠨ ᠬᠦ ᠪᠠᠲᠤᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠳᠤ ᠮᠠᠯᠵᠢᠬᠤ ᠲᠠᠷᠢᠶᠠᠯᠠᠬᠤ ᠣᠷᠣᠨ ᠤ ᠬᠤᠭ | ᠨᠣᠪᠰᠢ ᠶᠢ ᠰᠢᠶ᠋ᠳᠪᠦᠷᠢᠯᠡᠬᠦ ᠵᠢᠴᠢ ᠲᠥᠬᠦᠭᠡᠷᠦᠮᠵᠢ ᠶᠢ ᠠᠮᠤᠷ ᠲᠦᠪᠰᠢᠨ ᠢᠶᠠᠷ ᠬᠡᠷᠡᠭᠯᠡᠬᠦ᠂ ᠬᠠᠮᠢᠶᠠᠷᠬᠤ ᠵᠡᠷᠭᠡ | ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠣᠯᠭ᠎ᠠ ᠬᠢᠪᠠ᠃ | ᠣᠶᠢᠯᠠᠭᠠᠭᠰᠠᠨ ᠢᠶᠠᠷ᠂ 2024 ᠣᠨ ᠤ ᠬᠤᠸᠠᠳᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠠᠯᠠ ᠮᠥᠩᠭᠦ ᠤᠯᠬᠤ ᠪᠠᠷ ᠢᠳᠡᠪᠬᠢᠲᠡᠶ ᠴᠢᠷᠮᠠᠶᠢᠵᠤ᠂ ᠲᠥᠷᠥᠯ ᠵᠦᠢᠯ ᠢ | ᠲᠥᠯᠥᠪᠯᠡᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠲᠥᠷᠥᠯ ᠵᠦᠢᠯ ᠢ | ᠤᠷᠤᠭᠰᠢᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠲᠣᠰ ᠤᠳᠠᠭᠠᠨ ᠤ ᠲᠤᠰᠢᠶᠠᠭᠰᠠᠨ ᠬᠤᠶᠠᠷ | ᠰᠢᠯᠵᠢᠮᠡᠯ ᠣᠶᠤᠨᠴᠢ ᠨᠢᠭᠡ ᠴᠣᠭᠴᠠᠵᠢᠭᠰᠠᠨ ᠬᠤᠭ ᠨᠣᠪᠰᠢ ᠶᠢ ᠥᠨᠳᠥᠷ ᠳᠤᠯᠠᠭᠠᠨ ᠳᠤ ᠰᠢᠢᠳᠪᠦᠷᠢᠯᠡᠬᠦ | ᠰᠢᠰᠲ᠋ᠧᠮ ᠨᠢ ᠮᠠᠨ ᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ | ᠰᠢᠢᠳᠪᠦᠷᠢᠯᠡᠬᠦ ᠪᠣᠳᠠᠲᠤ ᠪᠠᠶᠢᠳᠠᠯ ᠳᠤ ᠨᠡᠶᠢᠴᠡᠵᠦ᠂ ᠠᠵᠢᠯᠯᠠᠬᠤ ᠳᠤ ᠲᠥᠬᠦᠮ ᠪᠠᠶᠢᠵᠤ᠂ ᠰᠢᠰᠲ᠋ᠧᠮ ᠢ ᠭᠤᠤᠯᠳᠠᠭᠤ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠤᠷ ᠦᠭᠡᠢ ᠪᠣᠯᠭᠠᠨ ᠰᠢᠢᠳᠪᠦᠷᠢᠯᠡᠬᠦ ᠳᠤ | ᠬᠡᠷᠡᠭᠯᠡᠨ᠎ᠡ᠃ 2024 ᠣᠨ ᠤ ᠡᠴᠦᠰ ᠪᠣᠯᠬᠤ ᠳᠤ᠂ ᠪᠥᠬᠦ ᠰᠢᠶᠠᠨ ᠤ 86 ᠵᠠᠰᠠᠭ ᠵᠠᠬᠢᠷᠭᠠᠨ ᠤ ᠲᠣᠰᠬᠤᠨ ᠤ ᠬᠤᠭ | ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ 74 ᠵᠠᠰᠠᠭ ᠵᠠᠬᠢᠷᠭᠠᠨ ᠤ ᠲᠣᠰᠬᠤᠨ ᠳᠤ | ᠬᠦᠷᠦᠭᠦᠯᠵᠦ᠂ 2023 ᠣᠨ ᠤ ᠬᠢ ᠠᠴᠠ 11 ᠨᠡᠮᠡᠭᠳᠡᠨ᠂ ᠬᠤᠶᠠᠷ ᠰᠢᠯᠵᠢᠮᠡᠯ ᠣᠶᠤᠨᠴᠢ ᠨᠢᠭᠡ | ᠴᠣᠭᠴᠠᠵᠢᠭᠤᠯᠤᠭᠰᠠᠨ ᠬᠤᠭ ᠨᠣᠪᠰᠢ ᠶᠢ ᠥᠨᠳᠥᠷ ᠳᠤᠯᠠᠭᠠᠨ ᠳᠤ ᠰᠢᠢᠳᠪᠦᠷᠢᠯᠡᠬᠦ ᠰᠢᠰᠲ᠋ᠧᠮ ᠢ ᠠᠰᠢᠭᠯᠠᠯᠲᠠ ᠳᠤ | ᠣᠷᠣᠭᠤᠯᠵᠤ᠂ ᠬᠤᠸᠠᠳᠧ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠰᠢᠢᠳᠪᠦᠷᠢᠯᠡᠬᠦ | ᠪᠦᠷᠬᠦᠴᠡ ᠶᠢᠨ ᠨᠣᠷᠮ᠎ᠠ ᠶᠢ 86% ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ | ᠬᠢᠨᠠᠨ ᠰᠢᠯᠭᠠᠬᠤ ᠭᠦᠢᠴᠡᠳᠬᠡᠯ ᠲᠤᠭ᠎ᠠ ᠠᠴᠠ 6 ᠵᠠᠭᠤᠨ ᠤ ᠨᠢᠭᠡᠴᠢ ᠥᠨᠳᠥᠷ ᠪᠣᠯᠭᠠᠵᠤ᠂ ᠮᠠᠨ ᠤ ᠰᠢᠶᠠᠨ ᠤ | ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠳᠠᠭᠠᠭᠠᠴᠠ ᠪᠠ ᠪᠦᠷᠬᠦᠴᠡ ᠶᠢᠨ | ᠨᠣᠷᠮ᠎ᠠ ᠶᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠬᠥᠳᠡᠭᠡ ᠲᠣᠰᠬᠤᠨ ᠤ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠶ᠋ᠳᠪᠦᠷᠢᠯᠡᠬᠦ | ᠲᠥᠷᠥᠯ ᠵᠦᠶ᠋ᠯ ᠤᠨ ᠠᠵᠢᠯᠯᠠᠭᠠᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠣᠷᠴᠢᠨ ᠠᠬᠤᠶ ᠶᠢᠨ | ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠷᠠᠭᠤᠯᠤᠨ᠂ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ | ᠵᠢᠷᠤᠮᠯᠠᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠶᠢᠳᠠᠪᠤᠷᠢᠵᠢᠭᠤᠯᠵᠤ᠂ ᠡᠯ᠎ᠡ ᠰᠢᠶᠠᠩ ᠪᠠᠯᠭᠠᠰᠤ ᠶᠢ ᠵᠢᠯᠣᠭᠤᠳᠤᠨ | ᠬᠤᠭ ᠨᠣᠪᠰᠢ ᠶᠢ ᠬᠤᠤᠷ ᠥᠬᠡᠶᠢᠳᠡᠭᠦᠯᠬᠦ ᠪᠡᠯᠡᠳᠬᠡᠮᠵᠢ ᠶᠢᠨ ᠠᠵᠢᠯᠯᠠᠭᠠᠨ ᠤ ᠬᠠᠮᠠᠭᠠᠯᠠᠯᠲᠠ ᠶᠢ ᠴᠢᠩᠭᠠᠳᠬᠠᠵᠤ᠂ ᠡᠯ᠎ᠡ | ᠵᠦᠶ᠋ᠯ ᠤᠨ ᠭᠦᠶ᠋ᠴᠡᠳᠬᠡᠯ ᠲᠤᠭ᠎ᠠ ᠶᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨ ᠬᠦ ᠪᠠᠲᠤᠯᠠᠵᠤ᠂ | ᠠᠮᠤᠷ ᠲᠦᠪᠰᠢᠨ ᠲᠣᠭᠲᠠᠭᠤᠨ ᠢᠶᠠᠷ ᠠᠵᠢᠯᠯᠠᠭᠤᠯᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ ᠮᠠᠯᠵᠢᠬᠤ | ᠲᠠᠷᠢᠶᠠᠯᠠᠬᠤ ᠣᠷᠣᠨ ᠤ ᠬᠤᠭ ᠨᠣᠪᠰᠢ ᠶᠢ ᠵᠠᠰᠠᠬᠤ ᠲᠥᠷᠥᠯ ᠵᠦᠢᠯ ᠤᠨ ᠬᠡᠷᠡᠭᠵᠢᠭᠦᠯᠦᠯᠲᠡ ᠳᠤ ᠨᠢᠭᠲᠠ ᠲᠦᠰᠢᠭᠯᠡᠨ᠂ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠬᠠᠮᠤᠷᠬᠤ | ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ | ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ 2025 ᠣᠨ ᠤ ᠰᠡᠭᠦᠯᠴᠢ ᠪᠣᠯᠬᠤ ᠳᠤ ᠪᠥᠬᠦ ᠰᠢᠶᠠᠨ ᠤ ᠬᠤᠭ | ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ ᠶᠢ 100% ᠳᠤ | ᠬᠦᠷᠦᠭᠦᠯᠬᠦ ᠪᠠᠷ ᠴᠢᠷᠮᠠᠶᠢᠨ᠎ᠠ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |