ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠤᠤ ᠾᠧ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠬᠦ ᠡᠷᠬᠡ ᠶᠢ ᠠᠩᠬ᠎ᠠ ᠤᠳᠠᠭ᠎ᠠ ᠳᠠᠩᠰᠠᠯᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2024/12/23

   ︽ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ

︾ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠥᠯᠥ ᠬᠥᠳᠡᠯᠬᠦ

ᠬᠥᠷᠥᠩᠭᠡ ᠶᠢᠨ ᠳᠡᠩᠰᠡᠯᠡᠯᠲᠡ ᠪᠠᠷ ᠰᠠᠭᠤᠷᠢ ᠪᠣᠯᠭᠠᠵᠤ᠂ ᠡᠬᠢ ᠪᠠᠶᠠᠯᠢᠭ ᠤᠨ ᠠᠯᠪᠠ᠂ ᠪᠣᠳᠠᠰ ᠤᠨ ᠡᠷᠬᠡ ᠶᠢ

ᠬᠠᠤᠯᠢ ᠪᠠᠷ ᠲᠣᠭᠲᠠᠭᠠᠬᠤ ᠪᠠ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠵᠠᠷᠴᠢᠮ ᠶᠣᠰᠣᠭᠠᠷ᠂ ᠳ᠋ᠤᠤ ᠾᠧ

ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠯ ᠤᠨ ᠡᠷᠬᠡ ᠳᠤ ᠠᠩᠬ᠎ᠠ ᠤᠳᠠᠭ᠎ᠠ ᠳᠡᠩᠰᠡᠯᠡᠨ ᠲᠡᠮᠳᠡᠭᠯᠡᠬᠦ ᠶᠢ

ᠥᠷᠨᠢᠭᠦᠯᠦᠨ᠎ᠡ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄

    ᠨᠢᠭᠡ᠂ ᠪᠠᠶᠢᠭᠠᠯᠢ ᠶᠢᠨ ᠡᠬᠢ ᠪᠠᠶᠠᠯᠢᠭ ᠢ ᠳᠠᠩᠰᠠᠯᠠᠬᠤ ᠨᠢᠭᠡᠴᠢ ᠶᠢᠨ ᠤᠷᠢᠳᠴᠢᠯᠠᠨ ᠬᠤᠪᠢᠶᠠᠷᠢᠯᠠᠭᠰᠠᠨ

    ᠲᠣᠰ ᠤᠳᠠᠭᠠᠨ ᠤ ᠳᠠᠩᠰᠠᠯᠠᠯᠲᠠ ᠶᠢ 1 ᠳᠠᠩᠰᠠᠯᠠᠬᠤ ᠨᠢᠭᠡᠴᠢ ᠪᠣᠯᠭᠠᠨ ᠤᠷᠢᠳᠴᠢᠯᠠᠨ ᠬᠤᠪᠢᠶᠠᠷᠢᠯᠠᠪᠠ᠂

ᠲᠤᠬᠠᠶᠢᠯᠠᠪᠠᠯ᠄

    ᠳ᠋ᠤᠤ ᠡᠾᠧ ᠭᠤᠤᠯ᠃ ᠤᠯᠠᠭᠠᠨᠴᠠᠪ ᠬᠤᠲᠠ ᠶᠢᠨ ᠬᠤᠸᠠᠳᠧ ᠰᠢᠶᠠᠨ ︵ᠭᠦᠨᠤᠯᠠᠭᠠᠨᠬᠤᠳᠳᠤᠭ ᠰᠢᠶᠠᠩ︶ ᠢᠶᠠᠷ

ᠤᠷᠤᠰᠤᠨ ᠥᠩᠭᠡᠷᠡᠬᠦ ᠭᠤᠤᠯ ᠤᠨ ᠬᠡᠰᠡᠭ ᠲᠤ ᠭᠤᠤᠯ ᠤᠨ ᠬᠠᠮᠢᠶᠠᠷᠤᠯᠲᠠ ᠶᠢᠨ ᠬᠡᠪᠴᠢᠶ᠎ᠡ ᠪᠠᠷ ᠰᠠᠭᠤᠷᠢ ᠪᠣᠯᠭᠠᠵᠤ᠂

ᠬᠠᠰᠢᠯᠭ᠎ᠠ ᠳᠠᠯᠠᠩ᠂ ᠤᠰᠤᠨ ᠣᠷᠣᠨ ᠤ ᠡᠷᠭᠢ ᠶᠢᠨ ᠱᠤᠭᠤᠮ ᠲᠠᠢ ᠤᠶᠠᠯᠳᠤᠭᠤᠯᠤᠨ ᠳᠠᠩᠰᠠᠯᠠᠬᠤ ᠨᠢᠭᠡᠴᠢ ᠶᠢᠨ

ᠬᠡᠪᠴᠢᠶ᠎ᠡ ᠶᠢ ᠤᠷᠢᠳᠴᠢᠯᠠᠨ ᠬᠤᠪᠢᠶᠠᠷᠢᠯᠠᠨ᠎ᠠ᠃

    ᠬᠤᠶᠠᠷ᠂ ᠪᠠᠶᠢᠭᠠᠯᠢ ᠶᠢᠨ ᠡᠬᠢ ᠪᠠᠶᠠᠯᠢᠭ ᠢ ᠳᠠᠩᠰᠠᠯᠠᠬᠤ ᠠᠵᠢᠯ ᠢ ᠥᠷᠨᠢᠭᠦᠯᠦᠭᠰᠡᠨ ᠴᠠᠭ ᠬᠤᠭᠤᠴᠠᠭ᠎ᠠ

    ᠲᠣᠰ ᠤᠳᠠᠭᠠᠨ ᠤ ᠪᠠᠶᠢᠭᠠᠯᠢ ᠶᠢᠨ ᠡᠬᠢ ᠪᠠᠶᠠᠯᠢᠭ ᠢ ᠠᠩᠬ᠎ᠠ ᠤᠳᠠᠭ᠎ᠠ ᠳᠠᠩᠰᠠᠯᠠᠬᠤ ᠠᠵᠢᠯ ᠢ ᠥᠷᠨᠢᠭᠦᠯᠬᠦ

ᠴᠠᠭ ᠨᠢ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ

ᠶᠠᠪᠤᠭᠳᠠᠨ᠎ᠠ᠃

    ᠭᠤᠷᠪᠠ᠂ ᠪᠠᠶᠢᠭᠠᠯᠢ ᠶᠢᠨ ᠡᠬᠢ ᠪᠠᠶᠠᠯᠢᠭ ᠤᠨ ᠲᠥᠷᠥᠯ ᠬᠡᠯᠪᠡᠷᠢ᠂ ᠬᠡᠪᠴᠢᠶ᠎ᠡ

    ᠳᠠᠩᠰᠠᠯᠠᠬᠤ ᠨᠢᠭᠡᠴᠡ ᠶᠢᠨ ᠳᠣᠲᠣᠷᠠᠬᠢ ᠭᠤᠤᠯ ᠤᠷᠤᠰᠬᠠᠯ᠂ ᠣᠶ ᠰᠢᠭᠤᠶ᠂ ᠠᠭᠤᠯᠠ ᠳᠠᠪᠠᠭ᠎ᠠ᠂ ᠨᠤᠲᠤᠭ

ᠪᠡᠯᠴᠢᠭᠡᠷ᠂ ᠠᠲᠠᠷ ᠭᠠᠵᠠᠷ᠂ ᠭᠤᠤᠯ ᠤᠨ ᠰᠠᠶᠢᠷᠭᠠᠯ ᠵᠢᠴᠢ ᠬᠠᠶᠢᠨ ᠢᠯᠡᠷᠡᠭᠦᠯᠦᠭᠰᠡᠨ ᠬᠠᠳᠠᠭᠠᠯᠠᠭᠳᠠᠴᠠ ᠶᠢᠨ

ᠠᠭᠤᠷᠬᠠᠶ ᠶᠢᠨ ᠡᠬᠢ ᠪᠠᠶᠠᠯᠢᠭ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠤᠯᠤᠰ ᠤᠨ ᠥᠮᠴᠢᠯᠡᠬᠦ ᠡᠷᠬᠡ ᠪᠣᠯᠤᠨ

ᠪᠠᠶᠢᠭᠠᠯᠢ ᠶᠢᠨ ᠠᠮᠢ ᠠᠬᠤᠶ ᠶᠢᠨ ᠣᠷᠣᠨ ᠵᠠᠶ᠃

    ᠲᠣᠰ ᠤᠳᠠᠭᠠᠨ ᠤ ᠳᠡᠩᠰᠡᠯᠡᠯᠲᠡ ᠶᠢᠨ ᠣᠷᠣᠨ ᠪᠦᠰᠡ ᠨᠢ ᠬᠤᠸᠠᠳᠧ ᠰᠢᠶᠠᠨ ᠤ 1 ᠰᠢᠶᠠᠩ ᠪᠠᠯᠭᠠᠰᠤ 2

ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠨ᠎ᠠ᠃ ︵ᠪᠤᠳᠠᠲᠠᠶ ᠳᠠᠭᠠᠯᠳᠤᠯ ᠲᠣᠨᠤᠭ︶

    ᠳᠥᠷᠪᠡ᠂ ᠪᠤᠰᠤᠳ ᠵᠦᠢᠯ

    ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠯ ᠤᠨ ᠡᠷᠬᠡ ᠶᠢᠨ ᠲᠥᠯᠥᠭᠡᠯᠡᠭᠴᠢ ︵ᠣᠷᠣᠯᠠᠨ ᠭᠦᠢᠴᠡᠳᠬᠡᠬᠦ︶

ᠭᠤᠤᠯ ᠴᠣᠭᠴᠠ᠂ ᠬᠠᠮᠲᠤ ᠶᠢᠨ ᠭᠠᠵᠠᠷ ᠰᠢᠷᠣᠶ ᠶᠢᠨ ᠥᠮᠴᠢᠯᠡᠯ ᠤᠨ ᠡᠷᠬᠡᠲᠦ ᠬᠥᠮᠦᠨ᠂ ᠤᠯᠤᠰ ᠤᠨ

ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ ᠵᠡᠷᠭᠡ ᠬᠠᠮᠢᠶ᠎ᠠ ᠪᠥᠬᠦᠶ ᠭᠤᠤᠯ ᠴᠣᠭᠴᠠ ᠶᠢ

ᠬᠡᠷᠡᠭᠵᠢᠭᠦᠯᠬᠦ ᠳᠤ᠂ ᠡᠷᠬᠡ ᠶᠢ ᠨᠤᠲᠠᠯᠠᠨ ᠳᠠᠩᠰᠠᠯᠠᠬᠤ ᠬᠠᠮᠢᠶ᠎ᠠ ᠪᠥᠬᠦᠶ ᠠᠵᠢᠯ ᠢ ᠢᠳᠡᠪᠬᠢᠲᠡᠶ ᠬᠠᠮᠵᠢᠯᠴᠠᠨ ᠰᠠᠶᠢᠲᠤᠷ

ᠬᠢᠬᠦ ᠬᠡᠷᠡᠭᠲᠡᠶ᠃

    ᠡᠭᠦᠨ ᠤ ᠲᠤᠯᠠ ᠣᠨᠴᠠᠭᠠᠶᠢᠯᠠᠨ ᠵᠠᠷᠯᠠᠪᠠ᠃

    ᠳᠠᠭᠠᠯᠳᠤᠭᠤᠯᠤᠯ᠄ ᠳᠠᠩᠰᠠᠯᠠᠬᠤ ᠣᠷᠣᠨ ᠪᠦᠰᠡ ᠶᠢᠨ ᠬᠤᠸᠠᠳᠧ ᠰᠢᠶᠠᠨ ᠳᠤ ᠬᠤᠯᠪᠣᠭᠳᠠᠬᠤ ᠰᠢᠶᠠᠩ ᠪᠠᠯᠭᠠᠰᠤ

᠂ ᠵᠠᠰᠠᠭ ᠵᠠᠬᠢᠷᠭᠠᠨ ᠤ ᠲᠣᠰᠬᠤᠨ ᠤ ᠨᠡᠷᠡᠰ

 

ᠢᠷᠡᠯᠲᠡ᠄ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ

ᠵᠣᠬᠢᠶᠠᠭᠴᠢ᠄ ᠬᠤᠸᠠᠳᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2