2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠴᠤᠭᠯᠠᠭᠤᠯᠬᠤ ᠲᠤᠬᠠᠶ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠠᠯᠪᠠᠨ ᠵᠠᠷ
ᠨᠡᠶᠢᠲᠡᠯᠡᠭᠰᠡᠨ ᠴᠠᠭ᠄
2024/12/23

    ᠠᠷᠠᠳ ᠤᠨ ᠰᠠᠨᠠᠯ ᠢ ᠨᠠᠩ ᠰᠠᠶᠢᠨ ᠰᠣᠨᠣᠰᠴᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠦᠨ᠂

ᠠᠷᠠᠳ ᠤᠨ ᠰᠠᠨᠠᠭ᠎ᠠ ᠶᠢ ᠢᠯᠡᠷᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠳᠤ

ᠣᠷᠣᠯᠴᠠᠬᠤ ᠬᠡᠮᠵᠢᠶ᠎ᠡ ᠶᠢ ᠨᠡᠮᠡᠭᠳᠡᠭᠦᠯᠵᠦ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ

ᠤᠬᠠᠭᠠᠨᠴᠢ ᠴᠢᠨᠠᠷ ᠪᠠ ᠠᠷᠠᠳᠴᠢᠯᠠᠯ ᠤᠨ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠨ

ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠠᠷᠠᠳ ᠤᠨ ᠰᠠᠨᠠᠭᠠᠨ ᠳᠤ ᠨᠠᠩ ᠨᠡᠶᠢᠴᠡᠭᠦᠯᠬᠦ ᠶᠢ ᠦᠨᠡᠨ ᠬᠦ

ᠪᠠᠲᠤᠯᠠᠵᠤ᠂ ᠪᠥᠬᠦ ᠰᠢᠶᠠᠨ ᠤ ᠬᠡᠪᠴᠢᠶᠡᠨ ᠳᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ

ᠲᠥᠷᠥᠯ ᠵᠦᠢᠯ ᠤᠨ ᠰᠠᠨᠠᠭᠤᠯᠭ᠎ᠠ ᠶᠢ ᠢᠯᠡ ᠪᠠᠷ ᠴᠤᠭᠯᠠᠭᠤᠯᠵᠤ᠂ ᠡᠳᠦᠭᠡ ᠬᠤᠯᠪᠣᠭᠳᠠᠯ ᠪᠥᠬᠦᠶ ᠵᠦᠢᠯᠡᠰ ᠢ

ᠳᠣᠤᠷᠠᠬᠢ ᠮᠡᠲᠦ ᠵᠠᠷᠯᠠᠶ᠎ᠠ᠄

    ᠨᠢᠭᠡ᠂ ᠡᠯᠰᠡᠬᠦ ᠴᠠᠭ

    2024 ᠣᠨ ᠤ 12 ᠰᠠᠷ᠎ᠠ ᠶᠢᠨ 2 ᠤᠨ ᠡᠳᠦᠷ ᠠᠴᠠ 2024 ᠣᠨ ᠤ 12 ᠰᠠᠷ᠎ᠠ ᠶᠢᠨ 16 ᠤ ᠡᠳᠦᠷ

ᠪᠣᠯᠲᠠᠯ᠎ᠠ᠃

    ᠬᠤᠶᠠᠷ᠂ ᠡᠯᠰᠡᠬᠦ ᠠᠭᠤᠯᠭ᠎ᠠ

    ᠰᠢ ᠶᠢᠨᠫᠢᠩ  ᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ 

ᠤᠨᠴᠠᠯᠢᠭ ᠲᠠᠢ ᠨᠡᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂

ᠠᠷᠠᠳ ᠲᠦᠮᠡᠨ᠋ ᠢᠶᠠᠷ ᠭᠤᠣᠯ ᠪᠣᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ

ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ᠋ ᠤ  ᠲᠦᠪ ᠬᠤᠷᠢᠶᠠᠨ᠋ ᠤ ᠭᠤᠷᠪᠠᠳᠤᠭᠠᠷ

ᠪᠥᠬᠦᠳᠡ ᠬᠤᠷᠠᠯ ᠤᠨ ᠠᠷᠠᠳ ᠤᠨ ᠠᠮᠢᠳᠤᠷᠠᠯ ᠤᠨ ᠲᠦᠷᠢᠮ  ᠤᠨ ᠪᠠᠲᠤᠯᠠᠨ

ᠰᠠᠢᠵᠢᠷᠠᠭᠤᠯᠬᠤ ᠲᠠᠯ᠎ᠠ ᠶᠢᠨ ᠲᠤᠬᠠᠢ ᠪᠠᠢᠭᠤᠯᠤᠯᠲᠠ ᠶᠢ ᠭᠤᠣᠯᠳᠠᠯᠭ᠎ᠠ ᠲᠠᠢ ᠠᠩᠬᠠᠷᠴᠤ 

ᠪᠠᠢᠨ᠎ᠠ ᠃

    ᠭᠤᠷᠪᠠ᠂ ᠡᠯᠰᠡᠬᠦ ᠱᠠᠭᠠᠷᠳᠠᠯᠭ᠎ᠠ

    ᠪᠣᠳᠠᠲᠤ ᠶᠠᠪᠤᠳᠠᠯ ᠤᠨ ᠲᠦᠷᠦᠯ ᠵᠦᠢᠯ ᠨᠢ ᠬᠠᠤᠯᠢ ᠲᠣᠭᠲᠠᠭᠠᠯ ᠳᠤ ᠨᠡᠶᠢᠴᠡᠵᠦ᠂ ᠬᠤᠸᠠᠳᠧ ᠶᠢᠨ

ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠴᠢᠳᠠᠯ ᠤᠨ ᠬᠢᠷᠢ ᠪᠠᠷ ᠢᠶᠠᠨ ᠬᠢᠵᠦ᠂ ᠴᠢᠳᠠᠯ ᠢᠶᠠᠷ ᠢᠶᠠᠨ

ᠴᠢᠷᠮᠠᠶᠢᠬᠤ ᠵᠠᠷᠴᠢᠮ ᠶᠣᠰᠣᠭᠠᠷ᠂ ᠪᠦᠬᠦ ᠲᠠᠯ᠎ᠠ ᠶᠢᠨ ᠴᠢᠨᠠᠷᠲᠠᠢ᠂ ᠲᠦᠭᠡᠮᠡᠯ ᠬᠦᠷᠳᠡᠭᠡᠮᠵᠢᠳᠤ ᠴᠢᠨᠠᠷ᠂ ᠪᠣᠯᠤᠮᠵᠢᠲᠤ

ᠴᠢᠨᠠᠷ᠂ ᠦᠷ᠎ᠡ ᠪᠦᠳᠦᠮᠵᠢᠳᠤ ᠴᠢᠨᠠᠷ ᠢ ᠢᠯᠡᠷᠡᠭᠦᠯᠵᠦ᠂ ᠲᠥᠯᠥᠭᠡᠯᠡᠬᠦ ᠴᠢᠨᠠᠷ ᠢᠶᠠᠷ ᠴᠢᠩᠭ᠎ᠠ᠂ ᠠᠰᠢᠭ ᠬᠦᠷᠳᠡᠬᠦ

ᠬᠡᠪᠴᠢᠶ᠎ᠡ ᠪᠠᠷ ᠥᠷᠭᠡᠨ᠂ ᠨᠢᠭᠡ ᠶᠠᠪᠤᠳᠠᠯ ᠨᠢᠭᠡ ᠰᠠᠨᠠᠭᠤᠯᠭ᠎ᠠ ᠪᠠᠷ᠂ ᠠᠭᠤᠯᠭ᠎ᠠ ᠨᠢ ᠲᠣᠳᠣᠷᠬᠠᠢ᠂ ᠲᠣᠪᠴᠢ

ᠠᠪᠰᠠᠷᠬᠠᠨ ᠪᠠᠶᠢᠬᠤ ᠬᠡᠷᠡᠭᠲᠡᠢ᠃

    ︵ᠨᠢᠭᠡ︶ ᠪᠦᠬᠦ ᠲᠠᠯ᠎ᠠ ᠶᠢᠨ ᠴᠢᠨᠠᠷ᠃ ᠰᠠᠨᠠᠭᠤᠯᠭ᠎ᠠ ᠶᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ

ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠭᠤᠤᠯᠳᠠᠯᠭ᠎ᠠ ᠲᠠᠢ ᠠᠵᠢᠯ ᠤᠨ ᠬᠠᠷᠠᠯᠲᠠ ᠲᠠᠢ ᠬᠠᠷᠢᠯᠴᠠᠨ

ᠤᠶᠠᠯᠳᠤᠭᠤᠯᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ

ᠨᠥᠯᠥᠭᠡ ᠦᠵᠡᠭᠦᠯᠬᠦ ᠬᠡᠷᠡᠭᠲᠡᠶ᠃

    ︵ᠬᠤᠶᠠᠷ︶ ᠲᠦᠭᠡᠮᠡᠯ ᠬᠠᠷᠠᠭᠠᠯᠵᠠᠯ  ᠤᠨ ᠴᠢᠨ᠋ᠠᠷ᠃ ᠰᠠᠨᠠᠭᠤᠯᠭ᠎ᠠ ᠨᠢ

ᠥᠷᠭᠡᠨ ᠤᠯᠠᠨ ᠲᠦᠮᠡᠨ ᠤ ᠦᠨᠳᠦᠰᠦᠨ ᠬᠡᠷᠡᠭᠴᠡᠭᠡ ᠳᠤ ᠨᠡᠶᠢᠴᠡᠪᠡᠯ᠂ ᠨᠡᠯᠢᠶᠡᠳ ᠶᠡᠭᠡ ᠨᠡᠶᠢᠭᠡᠮ ᠤᠨ ᠬᠠᠮᠤᠷᠬᠤ

ᠬᠡᠪᠴᠢᠶ᠎ᠡ ᠲᠠᠢ ᠪᠠᠶᠢᠵᠤ᠂ ᠨᠡᠶᠢᠲᠡ ᠶᠢᠨ ᠠᠰᠠᠷᠠᠮᠵᠢ ᠶᠢᠨ ᠴᠢᠨᠠᠷ ᠢ ᠢᠯᠡᠷᠡᠭᠦᠯᠵᠦ᠂ ᠣᠯᠠᠩᠬᠢ ᠲᠣᠭᠠᠨ ᠤ ᠤᠯᠠᠨ

ᠲᠦᠮᠡᠨ ᠳᠤ ᠠᠰᠢᠭ ᠬᠦᠷᠲᠡᠭᠡᠵᠦ ᠠᠰᠢᠭ ᠬᠦᠷᠲᠡᠭᠡᠬᠦ ᠬᠡᠷᠡᠭᠲᠡᠢ᠃

    ︵ᠭᠤᠷᠪᠠ︶ ᠶᠠᠪᠤᠭᠤᠰᠢᠲᠠᠢ᠃ ᠰᠠᠨᠠᠭᠤᠯᠭ᠎ᠠ ᠨᠢ ᠬᠤᠸᠠᠳᠧ ᠶᠢᠨ ᠬᠥᠭᠵᠢᠯᠲᠡ ᠶᠢᠨ ᠪᠣᠳᠠᠲᠤ ᠪᠠᠶᠢᠳᠠᠯ ᠪᠠ

ᠰᠠᠭᠤᠷᠢ ᠨᠥᠬᠦᠴᠡᠯ ᠳᠤ ᠰᠠᠭᠤᠷᠢᠯᠠᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠬᠤ ᠬᠡᠷᠡᠭᠲᠡᠢ᠃

    ︵ᠲᠦᠷᠪᠡ︶ ᠪᠣᠳᠠᠲᠤ ᠦᠷ᠎ᠡ ᠪᠦᠲᠦᠮᠵᠢᠲᠦ ᠴᠢᠨᠠᠷ᠃ ᠲᠥᠷᠥᠯ ᠵᠦᠢᠯ ᠢ ᠪᠠᠯᠠ ᠮᠥᠩᠭᠦ ᠶᠢᠨ ᠣᠷᠣᠭᠤᠯᠤᠯᠲᠠ

ᠪᠠ ᠪᠥᠲᠥᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠤ ᠲᠠᠯ᠎ᠠ ᠪᠠᠷ ᠡᠵᠡᠮᠳᠡᠵᠦ ᠪᠣᠯᠬᠤ ᠴᠢᠨᠠᠷ ᠢ

ᠪᠦᠷᠢᠯᠳᠦᠭᠦᠯᠵᠦ᠂ ᠡᠩ ᠤᠨ ᠪᠠᠶᠢᠳᠠᠯ ᠳᠤ 2025 ᠣᠨ ᠳᠤ ᠬᠡᠷᠡᠭᠵᠢᠭᠦᠯᠵᠦ᠂ ᠲᠣᠰ ᠵᠢᠯ ᠳᠡᠭᠡᠨ ᠪᠡᠶᠡᠯᠡᠭᠦᠯᠵᠦ᠂

ᠲᠣᠰ ᠵᠢᠯ ᠳᠡᠭᠡᠨ ᠦᠷ᠎ᠡ ᠪᠦᠲᠦᠮᠵᠢ ᠤᠯᠬᠤ ᠶᠢ ᠰᠠᠨᠠᠭᠤᠯᠪᠠ᠃

    ᠳᠥᠷᠪᠡ᠂ ᠡᠯᠰᠡᠬᠦ ᠠᠷᠭ᠎ᠠ ᠮᠠᠶ᠋ᠢᠭ

    1.  ᠸᠡᠢᠴᠠᠲ ᠬᠠᠢᠬᠤ ᠣᠯᠠᠨ ᠨᠡᠢᠲᠡ ᠶᠢᠨ ᠨᠣᠮᠧᠷ ︽ᠬᠤᠸᠠᠳᠧ ᠱᠢᠶᠠᠩ ᠤ ᠵᠠᠰᠠᠭ ᠤᠨ

ᠣᠷᠳᠣᠨ ᠨᠡᠢᠲᠡᠯᠡᠬᠦ︾ ᠨᠡᠮᠡ ᠬᠦ ᠶᠢ ᠠᠩᠬᠠᠷᠴᠤ ᠦᠭᠡ ᠦᠯᠡᠳᠡᠭᠡᠵᠦ ᠰᠠᠨᠠᠭᠤᠯᠭ᠎ᠠ

ᠳᠡᠪᠰᠢᠭᠦᠯᠬᠦ ᠰᠠᠨᠠᠭᠤᠯᠭ᠎ᠠ᠃ ᠰᠠᠨᠠᠭᠤᠯᠤᠭᠰᠠᠨ ᠬᠥᠮᠥᠨ ᠤ ᠣᠪᠣᠭ ᠨᠡᠷ᠎ᠡ᠂ ᠬᠠᠷᠢᠯᠴᠠᠬᠤ

ᠤᠲᠠᠰᠤ ᠶᠢ ᠲᠣᠳᠣᠷᠬᠠᠢ ᠪᠢᠴᠢᠭᠡᠷᠡᠢ᠃

    2᠂ ᠢᠮᠤᠯ ᠢ hdxzfbwz@163.com ᠬᠦᠷᠲᠡᠯ᠎ᠡ ᠢᠯᠡᠭᠡᠨ᠎ᠡ᠃

    3. ᠰᠢᠤᠳᠠᠨ ᠢᠶᠠᠷ ᠢᠯᠡᠭᠡᠬᠦ ᠪᠠ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ

204 ᠠᠯᠪᠠᠨ ᠭᠡᠷ᠃

    ᠬᠠᠶ᠋ᠢᠭ᠄ ᠬᠤᠸᠠᠳᠧ ᠰᠢᠶᠠᠨ ᠤ ᠳᠠᠷᠤᠭ᠎ᠠ ᠴᠦᠨ ᠶᠡᠭᠡ ᠵᠡᠭᠡᠯᠢ ᠶᠢᠨ 1 ᠳ᠋ᠦᠭᠡᠷ ᠲᠣᠭᠠᠲᠤ ᠨᠠᠮ ᠵᠠᠰᠠᠭ ᠤᠨ

ᠲᠣᠮᠣ ᠠᠰᠠᠷ

    ᠰᠢᠤᠳᠠᠨ ᠨᠣᠮᠧᠷ᠄ 013350

    ᠬᠠᠷᠢᠯᠴᠠᠬᠤ ᠤᠲᠠᠰᠤ᠄ 0474 - 7902105

    ᠬᠠᠷᠢᠯᠴᠠᠬᠤ ᠬᠥᠮᠦᠨ᠄ ᠵᠧᠤ ᠰᠢᠶᠤᠤ ᠬᠤᠩ

 

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2