ᠬᠤᠸᠠᠳᠧ ᠰᠢᠶᠠᠨ 2024 ᠣᠨ ᠤ ᠪᠡᠭᠡᠵᠢᠩ ᠥᠪᠥᠷ ᠮᠣᠩᠭᠤᠯ ᠤᠨ ᠬᠢᠨᠠᠨ ᠰᠢᠯᠭᠠᠵᠤ ᠲᠣᠬᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/25

  12 ᠰᠠᠷ᠎ᠠ ᠶᠢᠨ 25 ᠤ ᠡᠳᠦᠷ᠂ ᠬᠤᠸᠠᠳᠧ ᠰᠢᠶᠠᠨ 2024 ᠣᠨ ᠤ ᠪᠡᠭᠡᠵᠢᠩ ᠥᠪᠥᠷ ᠮᠣᠩᠭᠤᠯ ᠤᠨ ᠬᠢᠨᠠᠨ

ᠰᠢᠯᠭᠠᠵᠤ ᠲᠣᠬᠢᠷᠠᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂

ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠳ᠋ᠢᠶᠣᠣ ᠬᠤᠷᠠᠯ ᠡᠷᠭᠢᠯᠡᠪᠡ᠃

1735126680564095504.jpg

    ᠬᠤᠷᠠᠯ ᠠᠴᠠ 2024 ᠣᠨ ᠤ ᠪᠡᠭᠡᠵᠢᠩ ᠥᠪᠥᠷ ᠮᠣᠩᠭᠤᠯ ᠤᠨ ᠤᠯᠤᠰ ᠤᠨ ᠰᠢᠯᠭᠠᠨ ᠬᠢᠨᠠᠬᠤ ᠶᠡᠷᠦᠩᠬᠡᠶ

ᠪᠠᠶᠢᠳᠠᠯ ᠤᠨ ᠱᠠᠭᠠᠷᠳᠠᠯᠭ᠎ᠠ ᠶᠢ ᠵᠠᠷᠯᠠᠨ ᠮᠡᠳᠡᠭᠳᠡᠵᠦ᠂ ᠰᠢᠯᠭᠠᠨ ᠬᠢᠨᠠᠬᠤ ᠠᠷᠭ᠎ᠠ ᠮᠠᠶ᠋ᠢᠭ ᠵᠢᠴᠢ ᠠᠮᠠᠷᠬᠠᠨ ᠢᠯᠡᠷᠡᠭᠰᠡᠨ

ᠠᠰᠠᠭᠤᠳᠠᠯ ᠤᠨ ᠲᠣᠭᠤᠷᠢᠨ ᠳᠤ ᠪᠣᠯᠪᠠᠰᠤᠷᠠᠯ ᠬᠢᠪᠠ᠃ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ

ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ

ᠲᠣᠰ ︽ᠬᠢᠨᠠᠨ ᠰᠢᠯᠭᠠᠭᠰᠠᠨ ᠦᠷ᠎ᠡ ᠪᠦᠲᠦᠮᠵᠢ ᠶᠢ ᠦᠨᠡᠯᠡᠨ ᠵᠢᠱᠢᠬᠦ ᠰᠢᠰᠲ᠋ᠧᠮ︾᠂ ᠬᠢᠨᠠᠨ ᠰᠢᠯᠭᠠᠬᠤ

ᠳᠤᠭᠤᠶᠢᠯᠠᠩ ᠤᠨ ᠲᠤᠬᠠᠶ ᠶᠢᠨ ᠭᠠᠵᠠᠷ ᠤᠨ ᠪᠠᠶᠢᠴᠠᠭᠠᠯᠲᠠ ᠵᠢᠴᠢ ᠰᠤᠷᠪᠤᠯᠵᠢᠯᠠᠨ ᠶᠠᠷᠢᠯᠴᠠᠬᠤ ᠪᠡᠯᠡᠳᠬᠡᠯ ᠠᠵᠢᠯ ᠤᠨ

ᠲᠣᠭᠤᠷᠢᠨ ᠳᠤ ᠲᠣᠬᠢᠷᠠᠭᠤᠯᠤᠯᠲᠠ ᠬᠢᠪᠠ᠃

    ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠡᠭᠡᠵᠢᠩ

ᠥᠪᠥᠷ ᠮᠣᠩᠭᠤᠯ ᠤᠨ ᠬᠢᠨᠠᠨ ᠰᠢᠯᠭᠠᠯᠲᠠ ᠪᠣᠯ ᠪᠡᠭᠡᠵᠢᠩ ᠬᠤᠲᠠ ᠪᠣᠯᠤᠨ ᠥᠪᠥᠷ ᠮᠣᠩᠭᠤᠯ ᠤᠨ ᠥᠪᠡᠷᠲᠡᠭᠡᠨ

ᠵᠠᠰᠠᠬᠤ ᠣᠷᠣᠨ ᠤ ᠬᠠᠮᠲᠤ ᠶᠢᠨ ᠬᠠᠷᠢᠭᠤᠴᠠᠯᠭ᠎ᠠ ᠮᠥᠨ᠂ ᠬᠤᠶᠠᠷ ᠭᠠᠵᠠᠷ ᠤᠨ ᠬᠢᠨ ᠬᠠᠮᠲᠤ ᠪᠠᠷ ᠬᠠᠷᠢᠭᠤᠯᠲᠠ

ᠥᠭᠴᠦ᠂ ᠬᠤᠸᠠᠳᠧ ᠶᠢᠨ ᠺᠠᠳ᠋ᠷᠴᠤᠳ ᠢᠳᠡᠪᠬᠢᠲᠡᠢ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠤᠷᠪᠠᠭ᠋ᠤ ᠳᠠᠶᠢᠯᠠᠯᠳᠤᠭᠠᠨ ᠢ ᠰᠠᠶᠢᠲᠤᠷ ᠬᠢᠵᠦ᠂ ᠪᠡᠭᠡᠵᠢᠩ

ᠥᠪᠥᠷ ᠮᠣᠩᠭᠤᠯ ᠬᠤᠶᠠᠷ ᠭᠠᠵᠠᠷ ᠤᠨ ᠢᠷᠠᠭᠤ ᠠᠯᠳᠠᠷ ᠤᠨ ᠲᠥᠯᠥᠭᠡ ᠪᠠᠶᠢᠯᠳᠤᠬᠤ ᠬᠡᠷᠡᠭᠲᠡᠶ᠃ ᠠᠵᠠ ᠵᠠᠪᠰᠢᠶᠠᠨ ᠢ

ᠡᠷᠢᠬᠦ ᠰᠡᠳᠬᠢᠴᠡ ᠶᠢ ᠲᠡᠪᠴᠢᠵᠦ᠂ ᠭᠦᠢᠴᠡᠳ ᠪᠡᠯᠡᠳᠬᠡᠯ ᠬᠢᠵᠦ᠂ ᠤᠯᠤᠰ ᠤᠨ ᠬᠢᠨᠠᠨ ᠰᠢᠯᠭᠠᠬᠤ ᠳᠤᠭᠤᠶᠢᠯᠠᠩ ᠤᠨ

ᠰᠣᠩᠭᠤᠯᠲᠠ ᠶᠢ ᠤᠭᠲᠤᠵᠤ᠂ ᠦᠯᠡᠳᠡᠭᠰᠡᠨ ᠴᠣᠩᠬᠤᠪᠴᠢ ᠶᠢᠨ ᠬᠤᠭᠤᠴᠠᠭ᠎ᠠ ᠶᠢ ᠠᠳᠬᠤᠵᠤ᠂ ᠲᠠᠩᠰᠠ ᠡᠪᠬᠡᠮᠡᠯ ᠤᠨ

ᠭᠡᠷᠡᠴᠢ ᠮᠠᠲ᠋ᠧᠷᠢᠶᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠷᠥᠯ ᠵᠦᠢᠯ ᠤᠨ ᠲᠤᠬᠠᠶ ᠶᠢᠨ ᠭᠠᠵᠠᠷ ᠤᠨ

ᠪᠠᠶᠢᠴᠠᠭᠠᠯᠲᠠ ᠶᠢᠨ ᠱᠤᠭᠤᠮ ᠵᠢᠴᠢ ᠬᠠᠷᠢᠭᠤ ᠮᠡᠳᠡᠭᠦᠯᠬᠦ ᠲᠣᠪᠴᠢ ᠶᠢ ᠨᠠᠷᠢᠨ ᠨᠢᠮᠪᠠᠶ ᠵᠢᠷᠤᠵᠤ ᠲᠥᠯᠥᠪᠯᠡᠨ᠂

ᠰᠤᠷᠪᠤᠯᠵᠢᠯᠠᠭ᠎ᠠ ᠶᠢᠨ ᠬᠤᠷᠠᠯ᠂ ᠶᠠᠷᠢᠯᠴᠠᠬᠤ ᠬᠤᠷᠠᠯ ᠤᠨ ᠡᠯ᠎ᠡ ᠵᠦᠢᠯ ᠤᠨ ᠪᠡᠯᠡᠳᠬᠡᠯ ᠶᠠᠪᠤᠳᠠᠯ ᠢ ᠰᠠᠶᠢᠲᠤᠷ ᠬᠢᠵᠦ᠂

ᠲᠡᠭᠦᠰ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠤᠯᠤᠰ ᠤᠨ ᠬᠢᠨᠠᠨ ᠰᠢᠯᠭᠠᠯᠲᠠ ᠶᠢ ᠤᠭᠲᠤᠵᠤ᠂

ᠥᠨᠳᠥᠷ ᠬᠢᠷᠢ ᠲᠦᠪᠰᠢᠨ ᠪᠥᠬᠦᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ᠃

    ᠰᠢᠶᠠᠨ ᠤ ᠵᠣᠬᠢᠶᠠᠨ ᠪᠠᠶᠢᠭᠤᠯᠬᠤ᠂ ᠡᠳ᠋ ᠤᠨ ᠵᠠᠰᠠᠭ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠬᠥᠮᠦᠨ ᠤ

ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ ᠵᠡᠷᠭᠡ ᠰᠠᠯᠠᠭ᠎ᠠ

ᠮᠥᠴᠢᠷ ᠵᠢᠴᠢ ᠡᠯ᠎ᠡ ᠰᠢᠶᠠᠩ ᠪᠠᠯᠭᠠᠰᠤ ᠪᠠ ᠡᠯ᠎ᠡ ᠲᠦᠷᠦᠯ ᠵᠦᠢᠯ ᠢ ᠬᠡᠷᠡᠭᠵᠢᠭᠦᠯᠬᠦ ᠨᠢᠭᠡᠴᠢ ᠶᠢᠨ ᠬᠠᠷᠢᠭᠤᠴᠠᠯᠭᠠᠲᠠᠨ

ᠬᠤᠷᠠᠯ ᠳᠤ ᠣᠷᠣᠯᠴᠠᠪᠠ᠃ 

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2