ᠬᠤᠸᠠᠳᠧ ᠰᠢᠶᠠᠨ ︽ᠰᠣᠩᠭᠤᠳᠠᠭ ᠪᠦᠲᠦᠭᠡᠯ ᠲᠠᠢ ᠬᠠᠮᠲᠤ ᠤᠷᠤᠭᠰᠢᠯᠠᠬᠤ︾ ᠨᠣᠮ ᠤᠩᠰᠢᠬᠤ ᠶᠢᠨ ᠣᠯᠤᠯᠲᠠ ᠰᠢᠯᠭᠠᠷᠠᠭᠤᠯᠬᠤ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/12/25

   12 ᠰᠠᠷ᠎ᠠ ᠶᠢᠨ 25 ᠤ ᠡᠳᠦᠷ᠂ ᠬᠤᠸᠠᠳᠧ ᠰᠢᠶᠠᠨ ᠤ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠳᠡᠭᠡᠳᠦ

ᠰᠤᠷᠭᠠᠭᠤᠯᠢ ᠪᠣᠯᠤᠨ ᠬᠤᠸᠠᠳᠧ ᠰᠢᠶᠠᠨ ᠤ ᠨᠣᠮ ᠤᠨ ᠰᠠᠩ ᠬᠠᠮᠲᠤᠷᠠᠨ ︽ᠰᠣᠩᠭᠤᠳᠠᠭ ᠪᠦᠲᠦᠭᠡᠯ ᠲᠠᠢ ᠬᠠᠮᠲᠤ

ᠤᠷᠤᠭᠰᠢᠯᠠᠶ᠎ᠠ︾ ᠭᠡᠬᠦ ᠭᠤᠣᠯ ᠰᠡᠳᠦᠪᠲᠦ ᠨᠣᠮ ᠤᠩᠰᠢᠬᠤ ᠤᠷᠤᠯᠳᠤᠭᠠᠨ ᠤ ᠠᠵᠢᠯᠯᠠᠭ᠎ᠠ ᠶᠢ ᠡᠷᠬᠢᠯᠡᠪᠡ᠃

1735126840679023032.jpg

    ᠲᠤᠰ ᠠᠵᠢᠯᠯᠠᠭ᠎ᠠ ᠨᠢ ᠰᠦᠷ ᠳᠠᠯᠠᠶᠢᠴᠠᠲᠠᠢ ︽ᠲᠠᠪᠤᠨ ᠣᠳᠣᠲᠤ ᠤᠯᠠᠭᠠᠨ ᠲᠤᠭ︾ ᠤᠨ ᠨᠠᠶᠢᠷᠠᠯ ᠳᠠᠭᠤᠤ ᠶᠢᠨ

ᠠᠶᠠᠰ ᠳᠤᠮᠳᠠ ᠬᠥᠭᠵᠢᠶᠡᠨᠲᠡᠢ ᠡᠬᠢᠯᠡᠵᠦ᠂ ᠴᠤᠭ ᠪᠠᠳᠠᠷᠠᠩᠭᠤᠢ ᠳᠠᠭᠤᠤ ᠶᠢᠨ ᠠᠶᠠᠰ ᠳᠤᠮᠳᠠ ᠬᠥᠮᠦᠰ ᠢ ᠨᠢᠭᠡᠨ

ᠬᠡᠰᠡᠭ ᠰᠦᠷ ᠳᠠᠯᠠᠶᠢᠴᠠᠲᠠᠢ ᠲᠡᠦᠬᠡ ᠶᠢᠨ ᠪᠤᠳᠢ ᠶᠢᠨ ᠳᠤᠮᠳᠠ ᠣᠷᠣᠭᠤᠯᠤᠭᠰᠠᠨ ᠰᠢᠭ᠋ ᠪᠠᠶᠢᠯ᠎ᠠ᠃

1735174834546028622.png

    ᠳᠠᠷᠠᠭ᠎ᠠ ᠨᠢ᠂ ᠨᠠᠰᠤᠲᠠᠶᠢᠴᠤᠳ ᠤᠨ ᠳᠤᠭᠤᠶᠢᠯᠠᠩ ᠪᠠ ᠵᠠᠯᠠᠭᠤᠴᠤᠳ ᠤᠨ ᠳᠤᠭᠤᠶᠢᠯᠠᠩ ᠲᠣᠰ ᠲᠣᠰ ᠭᠤᠶᠢᠳᠠ

ᠰᠠᠶᠢᠬᠠᠨ ᠲᠣᠭᠯᠠᠯᠲᠠ ᠭᠠᠷᠭᠠᠪᠠ᠃ ᠤᠷᠤᠯᠳᠤᠭᠠᠨ ᠳᠤ ᠣᠷᠣᠯᠴᠠᠭᠰᠠᠳ ᠰᠣᠩᠭᠤᠳᠠᠭ ᠪᠦᠲᠦᠭᠡᠯ ᠤᠨ ᠲᠤᠬᠠᠢ

ᠭᠦᠨᠵᠡᠭᠡᠢ ᠣᠶᠢᠯᠠᠭᠠᠯᠲᠠ ᠪᠠ ᠣᠶᠢᠯᠠᠭᠠᠯᠲᠠ ᠪᠠᠨ ᠢᠯᠡᠷᠡᠭᠦᠯᠵᠦ᠂ ᠶᠠᠷᠢᠶ᠎ᠠ ᠢᠯᠡᠳᠬᠡᠭᠴᠢ ᠨᠢᠭᠡᠪᠦᠷᠢ ᠴᠥᠮ ᠲᠡᠦᠬᠡ ᠶᠢᠨ

ᠶᠠᠷᠢᠭᠴᠢ ᠰᠢᠭ᠋ ᠪᠠᠶᠢᠵᠤ᠂ ᠨᠠᠮ ᠤᠨ ᠲᠡᠦᠬᠡ ᠶᠢᠨ ᠭᠡᠷᠡᠯ ᠰᠠᠴᠤᠷᠠᠩᠭᠤᠢ ᠠᠮᠵᠢᠯᠲᠠ᠂ ᠰᠢᠨ᠎ᠡ ᠳᠤᠮᠳᠠᠳᠤ ᠤᠯᠤᠰ ᠤᠨ

ᠲᠡᠦᠬᠡ ᠶᠢᠨ ᠠᠭᠤᠤ ᠶᠡᠭᠡ ᠠᠮᠵᠢᠯᠲᠠ ᠪᠦᠲᠦᠮᠵᠢ᠂ ᠥᠭᠡᠷᠡᠴᠢᠯᠡᠯᠲᠡ ᠨᠡᠬᠡᠬᠡᠯᠳᠡ ᠶᠢᠨ ᠲᠡᠦᠬᠡ ᠶᠢᠨ ᠰᠢᠨ᠎ᠡ ᠶᠢ

ᠡᠭᠦᠳᠬᠦ ᠬᠤᠪᠢᠰᠤᠯᠲᠠ ᠵᠢᠴᠢ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠮᠤᠷᠤᠶ ᠰᠠᠷᠤᠶ ᠪᠠ ᠭᠡᠷᠡᠯ

ᠰᠠᠴᠤᠷᠠᠩᠭᠤᠶ ᠠᠮᠵᠢᠯᠲᠠ ᠶᠢ ᠠᠮᠢᠳᠤᠯᠢᠭ ᠦᠭᠡ ᠬᠡᠯᠡ ᠪᠠᠷ ᠲᠤᠬᠠᠶ ᠶᠢᠨ ᠲᠠᠯᠠᠪᠠᠢ ᠳᠤ ᠪᠠᠶᠢᠭ᠎ᠠ ᠬᠥᠮᠦᠨ

ᠨᠢᠭᠡᠪᠦᠷᠢ ᠳᠤ ᠳᠠᠮᠵᠢᠭᠤᠯᠵᠤ᠂ ᠰᠦᠷ ᠳᠠᠯᠠᠶᠢᠴᠠᠲᠠᠶ ᠲᠡᠦᠬᠡ ᠶᠢᠨ ᠵᠢᠷᠤᠭ ᠢ ᠦᠵᠡᠭᠴᠢᠳ ᠨᠢᠭᠡᠪᠦᠷᠢ ᠶᠢᠨ ᠡᠮᠦᠨ᠎ᠡ

ᠠᠭᠠᠵᠢᠮ ᠢᠶᠠᠷ ᠳᠡᠯᠭᠡᠭᠰᠡᠨ ᠰᠢᠭ ᠪᠠᠶᠢᠯ᠎ᠠ᠃ ᠬᠤᠪᠢᠰᠬᠠᠯ ᠤᠨ ᠤᠷᠢᠳᠤᠰ ᠤᠨ ᠪᠠᠭᠠᠲᠤᠷᠯᠢᠭ ᠦᠢᠯᠡ ᠠᠵᠢᠯᠯᠠᠭ᠎ᠠ ᠶᠢ

ᠬᠦᠨᠳᠦᠳᠬᠡᠨ ᠪᠢᠰᠢᠷᠡᠭᠰᠡᠨ ᠴᠤ ᠲᠡᠷᠡ᠂ ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠠᠮᠵᠢᠯᠲᠠ ᠪᠦᠲᠦᠮᠵᠢ ᠶᠢ

ᠮᠠᠭᠲᠠᠨ ᠳᠠᠭᠤᠯᠠᠭᠰᠠᠨ ᠴᠤ ᠲᠡᠷᠡ᠂ ᠴᠥᠮ ᠶᠠᠷᠢᠶ᠎ᠠ ᠢᠯᠡᠳᠬᠡᠯ ᠤᠨ ᠳᠤᠮᠳᠠ ᠪᠦᠷᠢᠨ ᠭᠦᠢᠴᠡᠳ ᠢᠯᠡᠷᠡᠭᠦᠯᠵᠠᠢ᠃

ᠬᠥᠮᠦᠰ ᠤᠨ ᠰᠣᠩᠭᠤᠳᠠᠭ ᠪᠦᠲᠦᠭᠡᠯ ᠠᠴᠠ ᠬᠦᠴᠦᠨ ᠴᠢᠳᠠᠯ ᠣᠯᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂

ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ

ᠦᠢᠯᠡᠰ ᠲᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ ᠪᠠᠶᠢᠨ᠎ᠠ᠃ ᠡᠭᠦᠨ ᠤ ᠳᠣᠲᠣᠷ᠎ᠠ ᠱᠤᠭ ᠶᠠᠷᠢᠶ᠎ᠠ

︽ᠤᠯᠠᠭᠠᠨ ᠴᠡᠷᠢᠭ ᠪᠣᠯᠤᠶ᠎ᠠ ᠭᠡᠶ᠎ᠡ᠂ ᠲᠣᠭᠯᠠᠯᠲᠠ ᠨᠢ ᠨᠡᠩ ᠴᠤ ᠱᠤᠭ ᠶᠦᠮᠦᠷᠯᠢᠭ ᠶᠦᠮᠦᠷᠯᠢᠭ ᠬᠡᠯᠪᠡᠷᠢ ᠪᠠᠷ ᠤᠯᠠᠭᠠᠨ

ᠴᠡᠷᠢᠭ ᠤᠨ ᠴᠠᠭ ᠦᠶ᠎ᠡ ᠶᠢᠨ ᠬᠠᠯᠠᠭᠤᠨ ᠴᠢᠰᠤ ᠪᠠ ᠣᠷᠭᠢᠯᠤᠮ᠎ᠠ ᠰᠡᠳᠬᠢᠯᠭᠡ ᠶᠢ ᠳᠠᠬᠢᠨ ᠢᠯᠡᠷᠡᠭᠦᠯᠵᠦ᠂

ᠦᠵᠡᠭᠴᠢᠳ ᠲᠤ ᠪᠠᠶᠠᠷ ᠪᠠᠶᠠᠰᠬᠤᠯᠠᠩᠲᠤ ᠳᠤᠮᠳᠠ ᠲᠡᠷᠡ ᠴᠠᠭ ᠦᠶ᠎ᠡ ᠶᠢᠨ ᠥᠪᠡᠷᠮᠢᠴᠡ ᠷᠢᠳᠢ ᠰᠢᠳᠢ ᠶᠢ

ᠮᠡᠳᠡᠷᠡᠭᠦᠯᠪᠡ᠃

    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠨᠢᠭᠡ ᠤᠳᠠᠭᠠᠨ ᠤ ᠨᠣᠮ ᠤᠩᠰᠢᠭᠰᠠᠨ ᠣᠯᠤᠯᠲᠠ

ᠰᠢᠯᠭᠠᠷᠠᠭᠤᠯᠤᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠡᠬᠡ ᠣᠷᠣᠨᠴᠢ ᠦᠵᠡᠯ ᠤᠨ ᠬᠥᠮᠦᠵᠢᠯ ᠪᠠ ᠨᠠᠮ ᠤᠨ

ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯᠤᠨ᠎ᠠ᠃ ᠣᠯᠠᠨ ᠵᠦᠢᠯ ᠤᠨ ᠬᠡᠯᠪᠡᠷᠢ ᠶᠢᠨ ᠲᠣᠭᠯᠠᠯᠲᠠ ᠪᠠᠷ ᠳᠠᠮᠵᠢᠭᠤᠯᠤᠨ᠂

ᠣᠯᠠᠨ ᠢᠶᠠᠷ ᠢᠶᠠᠨ ︽ᠳᠥᠷᠪᠡᠨ ᠲᠡᠦᠬᠡ︾ ᠶᠢ ᠭᠦᠨᠵᠡᠭᠡᠶ ᠰᠤᠷᠤᠯᠴᠠᠵᠤ᠂ ᠰᠣᠩᠭᠤᠳᠠᠭ ᠨᠥᠯᠥᠭᠡ ᠳᠣᠤᠷ᠎ᠠ ᠲᠣᠰ

ᠪᠡᠶ᠎ᠡ ᠶᠢᠨ ᠦᠵᠡᠯ ᠰᠠᠨᠠᠭᠠᠨ ᠤ ᠠᠬᠤᠶ ᠪᠠᠶᠢᠳᠠᠯ ᠪᠠ ᠰᠣᠶᠣᠯ ᠤᠨ ᠬᠡᠪ ᠪᠣᠯᠪᠠᠰᠤᠷᠠᠯ ᠢᠶᠠᠨ ᠲᠠᠰᠤᠷᠠᠯᠲᠠ ᠥᠬᠡᠶ

ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ ᠪᠠᠰᠠ ᠪᠦᠬᠦ ᠰᠢᠶᠠᠨ ᠤ ᠬᠡᠪᠴᠢᠶᠡᠨ ᠳᠤ ᠰᠠᠶᠢᠨ ᠰᠠᠶᠢᠬᠠᠨ

ᠰᠣᠩᠭᠤᠳᠠᠭ ᠵᠣᠬᠢᠶᠠᠯ ᠢ ᠰᠤᠷᠤᠯᠴᠠᠬᠤ᠂ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠬᠤ ᠠᠭᠤᠷ ᠠᠮᠢᠰᠬᠤᠯ ᠢ ᠪᠤᠢ

ᠪᠣᠯᠭᠠᠵᠤ᠂ ᠡᠶᠢᠮᠦᠷᠬᠦ ᠠᠵᠢᠯᠯᠠᠭ᠎ᠠ ᠨᠢ ᠨᠡᠩ ᠤᠯᠠᠨ ᠬᠥᠮᠦᠰ ᠢ ᠲᠠᠶᠢᠴᠢᠯᠠᠨ ᠰᠣᠩᠭᠤᠳᠠᠭ ᠤᠩᠰᠢᠯᠭ᠎ᠠ ᠪᠠ

ᠲᠡᠦᠬᠡ ᠶᠢᠨ ᠰᠤᠷᠤᠯᠴᠠᠯᠭ᠎ᠠ ᠳᠤ ᠣᠷᠣᠯᠴᠠᠭᠤᠯᠬᠤ ᠪᠣᠯᠤᠨ᠎ᠠ ᠭᠡᠳᠡᠭ ᠢ ᠢᠲᠡᠭᠡᠵᠦ ᠪᠠᠶᠢᠨ᠎ᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2