ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ | ᠪᠠᠲᠤᠯᠠᠬᠤ ᠶᠢᠨ ᠲᠥᠯᠥᠭᠡ᠃ 12 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠦᠷᠦ ᠶᠢᠨ | ᠬᠠᠮᠠᠭᠠᠯᠠᠯᠲᠠ ᠶᠢᠨ ᠶᠡᠭᠡ ᠠᠩᠬᠢ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ | ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ | ᠠᠪᠤᠷᠠᠨ ᠲᠤᠰᠠᠯᠠᠬᠤ ᠶᠡᠭᠡ ᠠᠩᠬᠢ ᠲᠠᠢ ᠬᠠᠮᠲᠤᠷᠠᠨ ᠱᠠᠰᠢᠨ ᠰᠤᠷᠲᠠᠬᠤᠨ ᠤ ᠲᠠᠯᠠᠪᠤᠷ ᠤᠨ ᠠᠮᠤᠷ ᠲᠦᠪᠰᠢᠨ ᠤ | ᠪᠠᠶᠢᠴᠠᠭᠠᠯᠲᠠ ᠥᠷᠨᠢᠭᠦᠯᠪᠡ᠃ | | ᠪᠠᠶᠢᠴᠠᠭᠠᠬᠤ ᠳᠤᠭᠤᠶᠢᠯᠠᠩ ᠤᠷᠢᠳ ᠬᠤᠵᠢᠳ ᠾᠷᠢᠰᠲ᠋ᠣᠰ ᠤᠨ ᠱᠠᠰᠢᠨ᠂ ᠺᠠᠲ᠋ᠣᠯᠢᠭ ᠱᠠᠰᠢᠨ ᠵᠡᠷᠭᠡ ᠱᠠᠰᠢᠨ | ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠬᠦᠷᠴᠦ᠂ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠤ ᠣᠶᠢᠷ᠎ᠠ ᠶᠢᠨ | ᠬᠤᠭᠤᠴᠠᠭᠠᠨ ᠤ ᠠᠵᠢᠯᠯᠠᠭ᠎ᠠ ᠶᠢᠨ ᠲᠣᠬᠢᠷᠠᠭᠤᠯᠤᠯᠲᠠ᠂ ᠠᠮᠤᠷ ᠲᠦᠪᠰᠢᠨ ᠤ ᠲᠥᠰᠦᠯ᠂ ᠪᠠᠴᠢᠮ ᠪᠠᠶᠢᠳᠠᠯ ᠢ | ᠠᠷᠭᠠᠴᠠᠬᠤ ᠲᠥᠰᠦᠯ ᠵᠡᠷᠭᠡ ᠪᠠᠶᠢᠳᠠᠯ ᠢ ᠰᠣᠨᠣᠰᠴᠤ᠂ ᠡᠯ᠎ᠡ ᠲᠠᠯᠠᠪᠤᠷ ᠭᠠᠵᠠᠷ ᠤᠨ ᠬᠡᠷ ᠪᠠᠶᠢᠰᠢᠩ ᠤᠨ ᠠᠮᠤᠷ | ᠲᠦᠪᠰᠢᠨ᠂ ᠢᠳᠡᠭᠡᠨ ᠤ ᠠᠮᠤᠷ ᠲᠦᠪᠰᠢᠨ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠵᠠᠮ᠂ ᠪᠠᠴᠢᠮ ᠪᠠᠶᠢᠳᠠᠯ ᠢ | ᠠᠷᠭᠠᠴᠠᠬᠤ ᠭᠡᠷᠡᠯᠲᠦᠭᠦᠯᠭᠡ ᠶᠢᠨ ᠪᠡᠯᠡᠳᠬᠡᠮᠵᠢ ᠪᠣᠯᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠥᠬᠦᠭᠡᠷᠦᠮᠵᠢ᠂ | ᠴᠠᠬᠢᠯᠭᠠᠨ ᠲᠥᠬᠦᠭᠡᠷᠦᠮᠵᠢ ᠶᠢᠨ ᠬᠡᠷᠡᠭᠯᠡᠯᠲᠡ᠂ ᠴᠠᠬᠢᠯᠭᠠᠨ ᠤ ᠱᠤᠭᠤᠮ ᠲᠠᠯᠪᠢᠬᠤ ᠵᠡᠷᠭᠡ ᠳᠤ ᠪᠥᠬᠦ ᠲᠠᠯ᠎ᠠ ᠪᠠᠷ ᠨᠠᠷᠢᠨ | ᠨᠢᠮᠪᠠᠶ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ | ᠴᠡᠭᠴᠡᠯᠡᠨ ᠰᠠᠶᠢᠵᠢᠷᠠᠭᠤᠯᠬᠤ ᠪᠣᠳᠠᠲᠠᠶ ᠰᠠᠨᠠᠯ ᠳᠤᠷᠠᠳᠪᠠ᠃ | | ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠦᠵᠡᠯ | ᠰᠠᠨᠠᠭ᠎ᠠ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ᠃ ᠠᠵᠢᠯᠯᠠᠭ᠎ᠠ ᠶᠢᠨ ᠬᠤᠭᠤᠴᠠᠭᠠᠨ ᠳᠤ᠂ ᠬᠥᠮᠦᠨ ᠬᠠᠷ᠎ᠠ | ᠬᠠᠷᠢᠴᠠᠩᠭᠤᠶ ᠨᠢᠭᠲᠠ᠂ ᠡᠯ᠎ᠡ ᠲᠠᠯᠠᠪᠤᠷ ᠤᠨ ᠬᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ | ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠤ ᠠᠵᠢᠯ ᠢ ᠡᠷᠡᠰ ᠭᠤᠶᠢᠪᠢᠰᠢ ᠥᠬᠡᠶ ᠭᠤᠤᠯᠳᠠᠯᠭ᠎ᠠ ᠶᠢᠨ | ᠳᠣᠲᠣᠷᠠᠬᠢ ᠭᠤᠤᠯᠳᠠᠯᠭ᠎ᠠ ᠪᠣᠯᠭᠠᠵᠤ᠂ ᠠᠮᠤᠷ ᠲᠦᠪᠰᠢᠨ ᠤ ᠠᠵᠢᠯ ᠤᠨ ᠰᠣᠨᠣᠷ ᠰᠡᠷᠡᠮᠵᠢ ᠪᠠᠨ ᠴᠠᠭ ᠢᠮᠠᠭᠲᠠ | ᠪᠠᠲᠤᠯᠠᠵᠤ᠂ ᠠᠮᠤᠷ ᠲᠦᠪᠰᠢᠨ ᠤ ᠠᠵᠢᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ | ᠲᠠᠯᠠᠪᠤᠷ ᠭᠠᠵᠠᠷ ᠤᠨ ᠬᠢᠨ ᠠᠵᠢᠯᠯᠠᠭ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠬᠠᠮᠢᠶᠠᠷᠤᠯᠲᠠ ᠶᠢᠨ | ᠱᠠᠭᠠᠷᠳᠠᠯᠭ᠎ᠠ ᠪᠣᠯᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠤ ᠬᠡᠮ ᠰᠣᠭᠤᠭ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠭᠦᠨᠵᠡᠭᠡᠶ ᠥᠷᠨᠢᠭᠦᠯᠵᠦ᠂ | ᠠᠮᠤᠷ ᠲᠦᠪᠰᠢᠨ ᠤ ᠬᠡᠮ ᠰᠣᠭᠤᠭ ᠢ ᠡᠷᠲᠡ ᠢᠯᠡᠷᠡᠭᠦᠯᠵᠦ᠂ ᠡᠷᠲᠡ ᠴᠡᠭᠴᠡᠯᠡᠨ ᠰᠠᠶᠢᠵᠢᠷᠠᠭᠤᠯᠵᠤ᠂ ᠡᠷᠲᠡ | ᠰᠡᠷᠭᠡᠶᠢᠯᠡᠵᠦ᠂ ᠡᠷᠲᠡ ᠲᠡᠭᠦᠯᠳᠡᠷᠵᠢᠭᠦᠯᠬᠦ ᠬᠡᠷᠡᠭᠲᠡᠶ᠃ ᠠᠵᠢᠯᠯᠠᠭ᠎ᠠ ᠶᠢᠨ ᠬᠤᠭᠤᠴᠠᠭᠠᠨ ᠳᠠᠬᠢ ᠲᠤᠬᠠᠢ ᠶᠢᠨ | ᠲᠠᠯᠠᠪᠠᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠵᠢᠯ ᠤᠨ | ᠪᠡᠯᠡᠳᠬᠡᠯ ᠲᠥᠰᠦᠯ ᠢ ᠰᠠᠶᠢᠲᠤᠷ ᠬᠢᠵᠦ᠂ ᠭᠠᠯ ᠰᠡᠷᠭᠡᠶᠢᠯᠡᠬᠦ᠂ ᠰᠢᠬᠠᠯᠳᠤᠬᠤ ᠠᠴᠠ ᠰᠡᠷᠭᠡᠶᠢᠯᠡᠬᠦ᠂ ᠭᠢᠰᠬᠢᠯᠳᠦᠬᠦ ᠠᠴᠠ | ᠰᠡᠷᠭᠡᠶᠢᠯᠡᠬᠦ ᠵᠡᠷᠭᠡ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ | ᠠᠵᠢᠯᠳᠠᠨ ᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ | ᠠᠮᠤᠷ ᠲᠦᠪᠰᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ᠃ | | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |