ᠬᠤᠸᠠᠳᠧ ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ ᠨᠢ ᠭᠤᠷᠪᠠᠳᠤᠭᠠᠷ ᠬᠤᠭᠤᠴᠠᠭᠠᠨ ᠤ ︽ᠬᠡᠦᠬᠡᠳ ᠤᠨ ᠦᠯᠢᠭᠡᠷ ᠢᠶᠠᠷ ᠬᠡᠦᠬᠡᠳ ᠤᠨ ᠰᠡᠳᠬᠢᠯ ᠢ ᠤᠮᠳᠠᠯᠠᠬᠤ ᠦᠯᠢᠭᠡᠷ ᠢᠶᠠᠷ ᠦᠰᠦᠨ ᠪᠤᠶᠢᠵᠢᠬᠤ︾ ᠪᠠᠷ ᠭᠤᠣᠯ ᠰᠡᠳᠦᠪ ᠪᠣᠯᠭᠠᠭᠰᠠᠨ ᠬᠡᠦᠬᠡᠳ ᠤᠨ ᠶᠠᠷᠢᠶᠠᠲᠤ ᠵᠦᠴᠦᠭᠡ ᠶᠢᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/25

    ᠬᠡᠦᠬᠡᠳ ᠤᠳ ᠢ ᠬᠡᠦᠬᠡᠳ ᠤᠨ ᠶᠠᠷᠢᠶᠠᠲᠤ ᠵᠦᠴᠦᠭᠡ ᠶᠢᠨ ᠳᠦᠷᠢ ᠲᠣᠭᠯᠠᠬᠤ ᠪᠠ ᠲᠣᠭᠯᠠᠯᠲᠠ ᠭᠠᠷᠭᠠᠬᠤ ᠬᠡᠯᠪᠡᠷᠢ ᠪᠠᠷ

ᠳᠠᠮᠵᠢᠭᠤᠯᠵᠤ᠂ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠤᠨ ᠳᠤᠮᠳᠠ ᠲᠡᠳᠡᠨ ᠤ ᠳᠦᠷᠰᠦᠯᠡᠨ ᠪᠣᠳᠣᠬᠤ ᠴᠢᠳᠠᠪᠤᠷᠢ᠂

ᠪᠦᠲᠦᠭᠡᠯᠴᠢ ᠴᠢᠳᠠᠪᠤᠷᠢ ᠪᠠ ᠢᠯᠡᠳᠬᠡᠬᠦ ᠴᠢᠳᠠᠪᠤᠷᠢ ᠶᠢ ᠬᠥᠮᠥᠵᠢᠭᠦᠯᠵᠦ᠂ ᠲᠡᠳᠡᠨ ᠢ ᠬᠠᠪᠰᠤᠷᠤᠨ ᠥᠪᠡᠷ ᠤᠨ ᠢᠲᠡᠭᠡᠯ

ᠵᠣᠷᠢᠭ ᠪᠠ ᠶᠡᠷᠦᠩᠬᠡᠶᠢᠯᠡᠭᠰᠡᠨ ᠬᠡᠪ ᠴᠢᠨᠠᠷ ᠢ ᠨᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠬᠤᠸᠠᠳᠧ ᠰᠢᠶᠠᠨ ᠤ

ᠬᠤᠶᠠᠳᠤᠭᠠᠷ ᠬᠡᠦᠬᠡᠳ ᠤᠨ ᠴᠡᠴᠡᠷᠯᠢᠭ ᠢᠶᠠᠷ ᠭᠤᠷᠪᠠᠳᠤᠭᠠᠷ ᠬᠤᠭᠤᠴᠠᠭᠠᠨ ᠤ ︽ᠬᠡᠦᠬᠡᠳ ᠤᠨ ᠦᠯᠢᠭᠡᠷ ᠢᠶᠠᠷ ᠬᠡᠦᠬᠡᠳ ᠤᠨ

ᠰᠡᠳᠬᠢᠯ ᠢ ᠤᠮᠳᠠᠯᠠᠵᠤ᠂ ᠦᠯᠢᠭᠡᠷ ᠤᠨ ᠦᠰᠦᠨ ᠪᠤᠶᠢᠵᠢᠯᠲᠠ︾ ᠪᠠᠷ ᠭᠤᠣᠯ ᠰᠡᠳᠦᠪ ᠪᠣᠯᠭᠠᠭᠰᠠᠨ ᠬᠡᠦᠬᠡᠳ ᠤᠨ ᠶᠠᠷᠢᠶᠠᠲᠤ

ᠵᠦᠴᠦᠭᠡ ᠶᠢᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ᠂ ᠬᠡᠦᠬᠡᠳ ᠤᠳ ᠲᠤ ᠥᠪᠡᠷ ᠢ ᠪᠠᠨ ᠳᠡᠯᠭᠡᠨ ᠦᠵᠡᠭᠦᠯᠬᠦ᠂

ᠬᠦᠰᠡᠯ ᠵᠡᠭᠦᠳᠦ ᠪᠠᠨ ᠲᠡᠷᠭᠡᠯᠰᠢᠭᠦᠯᠬᠦ ᠲᠠᠪᠴᠠᠩ ᠬᠠᠩᠭᠠᠭᠰᠠᠨ ᠪᠠᠶᠢᠨ᠎ᠠ᠃

    ᠠᠵᠢᠯᠯᠠᠭᠠᠨ ᠤ ᠪᠡᠯᠡᠳᠬᠡᠯ ᠤᠨ ᠬᠤᠭᠤᠴᠠᠭᠠᠨ ᠳᠤ᠂ ᠬᠡᠦᠬᠡᠳ ᠤᠨ ᠴᠡᠴᠡᠷᠯᠢᠭ ᠤᠨ ᠪᠠᠭᠰᠢ ᠨᠠᠷ ᠨᠠᠷᠢᠨ ᠨᠢᠮᠪᠠᠢ

ᠤᠬᠠᠭᠠᠯᠠᠵᠤ᠂ ᠭᠤᠣᠯ ᠰᠡᠳᠦᠪ ᠢ ᠲᠣᠭᠲᠠᠭᠠᠬᠤ᠂ ᠨᠡᠷ᠎ᠡ ᠮᠡᠳᠡᠭᠦᠯᠵᠦ ᠰᠢᠯᠢᠨ ᠰᠣᠩᠭᠤᠬᠤ ᠠᠴᠠ ᠲᠣᠭᠯᠠᠯᠲᠠ ᠭᠠᠷᠭᠠᠬᠤ

ᠪᠡᠯᠡᠳᠬᠡᠯ ᠬᠦᠷᠲᠡᠯ᠎ᠡ ᠠᠯᠬᠤᠮ ᠪᠦᠷᠢ ᠬᠠᠶᠢᠷ᠎ᠠ ᠪᠠ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠯ᠎ᠠ᠃ ᠬᠡᠦᠬᠡᠳ ᠤᠳ ᠭᠡᠷ ᠤᠨ

ᠠᠬᠠᠮᠠᠳ ᠤᠨ ᠬᠠᠨᠢ ᠳᠣᠣᠷ᠎ᠠ᠂ ᠢᠳᠡᠪᠬᠢᠲᠡᠢ ᠣᠷᠣᠯᠴᠠᠵᠤ᠂ ᠲᠡᠳᠡ ᠡᠰᠡᠬᠦᠯ᠎ᠡ ᠰᠣᠩᠭᠤᠳᠠᠭ ᠬᠡᠦᠬᠡᠳ ᠤᠨ ᠦᠯᠢᠭᠡᠷ ᠢ

ᠰᠣᠩᠭᠤᠨ᠎ᠠ᠂ ᠡᠰᠡᠬᠦᠯ᠎ᠡ ᠥᠪᠡᠷ ᠢᠶᠠᠨ ᠦᠯᠢᠭᠡᠷ ᠵᠣᠬᠢᠶᠠᠵᠤ ᠥᠪᠡᠷ ᠢᠶᠠᠨ ᠦᠯᠢᠭᠡᠷ ᠵᠣᠬᠢᠶᠠᠵᠤ᠂ ᠨᠢᠯᠬᠠᠰᠠᠭ ᠪᠥᠭᠡᠳ

ᠨᠥᠯᠥᠭᠡᠯᠡᠬᠦ ᠬᠦᠴᠦᠨ ᠢᠶᠠᠷ ᠪᠠᠶᠠᠯᠢᠭ ᠲᠠᠭᠤᠨ ᠪᠣᠯᠣᠨ ᠴᠣᠪᠣᠭᠤ ᠳᠡᠭᠵᠢᠨ ᠬᠥᠳᠡᠯᠦᠯ ᠪᠠᠶᠢᠳᠠᠯ ᠢᠶᠠᠷ ᠠᠮᠢᠳᠤᠯᠢᠭ ᠰᠠᠶᠢᠬᠠᠨ

ᠦᠯᠢᠭᠡᠷ ᠢ ᠢᠯᠡᠷᠡᠭᠦᠯᠦᠨ᠎ᠡ᠃

    ᠠᠵᠢᠯᠯᠠᠭ᠎ᠠ ᠶᠢᠨ ᠳᠤᠮᠳᠠ᠂ ᠪᠢᠴᠢᠬᠠᠨ ᠲᠠᠮᠢᠷᠴᠢᠨ ᠡᠯᠳᠡᠪ ᠶᠠᠩᠵᠤ ᠶᠢᠨ ᠬᠤᠪᠴᠠᠰᠤ ᠡᠮᠦᠰᠴᠦ᠂ ᠵᠠᠷᠢᠮ ᠨᠢ

ᠬᠥᠭᠡᠷᠦᠬᠦᠨ ᠪᠢᠴᠢᠬᠠᠨ ᠮᠠᠯᠠᠭᠠᠢ ᠡᠮᠦᠰᠴᠦ᠂ ᠵᠠᠷᠢᠮ ᠨᠢ ᠬᠠᠷᠢᠨ ᠴᠣᠪᠣᠭᠤ ᠰᠡᠷᠭᠦᠯᠡᠩ ᠴᠣᠪᠣᠭᠤ ᠰᠡᠷᠭᠦᠯᠡᠩ ᠦᠨᠡᠭᠡ ᠪᠣᠯᠵᠤ

᠂ ᠪᠠᠰᠠ ᠵᠠᠷᠢᠮ ᠨᠢ ᠬᠠᠷᠢᠨ ᠡᠶᠡᠯᠳᠡᠭ ᠵᠥᠭᠡᠯᠡᠨ ᠪᠢᠴᠢᠬᠠᠨ ᠭᠦᠩᠵᠦ ᠪᠠᠶᠢᠪᠠ᠃ ᠲᠡᠳᠡ ᠠᠮᠢᠳᠤᠯᠢᠭ ᠪᠠᠶᠢᠳᠠᠯ᠂ ᠤᠷᠤᠰᠤᠮ᠎ᠠ

ᠦᠭᠡ ᠬᠡᠯᠡ ᠪᠠ ᠡᠯᠪᠡᠭ ᠪᠠᠶᠠᠯᠢᠭ ᠮᠥᠴᠢ ᠶᠢᠨ ᠦᠭᠡ ᠬᠡᠯᠡ ᠪᠠᠷ ᠦᠯᠢᠭᠡᠷ ᠤᠨ ᠦᠢᠯᠡ ᠶᠠᠪᠤᠳᠠᠯ᠂ ᠳᠦᠷᠢ ᠶᠢᠨ

ᠥᠪᠡᠷᠮᠢᠴᠡ ᠴᠢᠨᠠᠷ ᠢ ᠭᠦᠢᠴᠡᠳ ᠢᠯᠡᠷᠡᠭᠦᠯᠵᠦ᠂ ᠥᠪᠡᠷ ᠢᠶᠠᠨ ᠪᠣᠯ ᠳᠠᠷᠤᠢ ᠦᠯᠢᠭᠡᠷ ᠳᠣᠲᠣᠷᠠᠬᠢ ᠭᠤᠣᠯ ᠪᠠᠭᠠᠲᠤᠷ ᠰᠢᠭ᠋

ᠪᠠᠶᠢᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠦᠵᠡᠭᠴᠢᠳ ᠰᠢᠭ ︽ᠳᠠᠭᠤᠨ︾ ᠰᠢᠭ ᠬᠠᠷᠠᠭᠳᠠᠵᠤ᠂ ᠦᠯᠢᠭᠡᠷ ᠤᠨ

ᠶᠢᠷᠲᠢᠨᠴᠦ ᠳᠤ ᠪᠦᠷᠢᠮᠤᠰᠤᠨ ᠰᠣᠭᠲᠣᠭᠤᠷᠠᠭᠤᠯᠵᠠᠢ᠃

    ᠲᠣᠭᠯᠠᠯᠲᠠ ᠶᠢᠨ ᠶᠠᠪᠤᠴᠠ ᠳᠤ ᠬᠡᠦᠬᠡᠳ ᠤᠳ ᠤᠨ ᠦᠭᠡ ᠬᠡᠯᠡ ᠨᠢ ᠲᠣᠳᠣ ᠢᠯᠡᠳᠬᠡᠬᠦ᠂ ᠨᠤᠭᠤᠷᠠᠯ ᠪᠦᠳᠦᠷᠢᠯ ᠳᠤ

ᠤᠴᠠᠷᠠᠬᠤ ᠳᠠᠭᠤᠨ ᠰᠣᠨᠣᠰᠳᠠᠯ ᠨᠢ ᠲᠡᠳᠡᠨ ᠤ ᠦᠭᠡ ᠬᠡᠯᠡᠨ ᠤ ᠠᠪᠢᠶᠠᠰ ᠴᠢᠳᠠᠪᠤᠷᠢ ᠪᠠ ᠲᠣᠭᠯᠠᠯᠲᠠ ᠭᠠᠷᠭᠠᠬᠤ

ᠴᠢᠳᠠᠪᠤᠷᠢ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠰᠢᠯᠭᠠᠷᠠᠭᠤᠯᠬᠤ ᠺᠣᠮᠢᠰ ᠤᠨ ᠭᠡᠰᠢᠭᠦᠳ ᠦᠯᠢᠭᠡᠷ ᠤᠨ ᠠᠭᠤᠯᠭ᠎ᠠ᠂

ᠦᠭᠡ ᠬᠡᠯᠡᠨ ᠤ ᠢᠯᠡᠳᠬᠡᠯ᠂ ᠦᠯᠢᠭᠡᠷ ᠤᠨ ᠲᠣᠭᠯᠠᠯᠲᠠ᠂ ᠳᠦᠷᠢ ᠲᠥᠷᠬᠦ ᠵᠡᠷᠭᠡ ᠲᠠᠯ᠎ᠠ ᠪᠠᠷ ᠬᠡᠦᠬᠡᠳ ᠲᠤ

ᠶᠡᠷᠦᠩᠬᠡᠶᠢᠯᠡᠭᠰᠡᠨ ᠬᠤᠪᠢ ᠲᠣᠭᠲᠠᠭᠠᠵᠤ᠂ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂

ᠭᠤᠷᠪᠠᠳᠤᠭᠠᠷ ᠳᠡᠰ ᠤᠨ ᠱᠠᠩᠨᠠᠯ ᠢ ᠰᠢᠯᠭᠠᠷᠠᠭᠤᠯᠤᠨ ᠭᠠᠷᠭᠠᠵᠤ᠂ ᠰᠢᠤᠢ ᠶᠤᠸᠠᠨ ᠳᠠᠷᠤᠭ᠎ᠠ ᠠᠴᠠ ᠪᠢᠴᠢᠬᠠᠨ ᠨᠠᠶᠢᠵᠠ

ᠨᠠᠷ ᠲᠤ ᠨᠠᠷᠢᠯᠢᠭ ᠰᠠᠶᠢᠬᠠᠨ ᠪᠡᠯᠡᠭ ᠪᠡᠯᠡᠳᠬᠡᠭᠰᠡᠨ ᠪᠥᠭᠡᠳ ᠪᠡᠶ᠎ᠡ ᠪᠠᠷ ᠢᠶᠠᠨ ᠬᠡᠦᠬᠡᠳ ᠤᠳ ᠲᠤ ᠱᠠᠩᠨᠠᠯ ᠣᠯᠭᠤᠪᠠ᠃

ᠱᠠᠩᠨᠠᠯ ᠣᠯᠤᠭᠰᠠᠨ ᠪᠢᠴᠢᠬᠠᠨ ᠲᠠᠮᠢᠷᠴᠢᠳ ᠤᠨ ᠴᠢᠷᠠᠶ ᠳᠤ ᠢᠲᠡᠭᠡᠯ ᠲᠡᠭᠦᠯᠳᠡᠷ᠂ ᠬᠠᠩᠭᠠᠬᠤ ᠢᠨᠢᠶᠡᠮᠰᠦᠭᠯᠡᠯ ᠪᠢᠯᠬᠠᠵᠤ᠂

ᠲᠡᠳᠡ ᠥᠪᠡᠷ ᠤᠨ ᠪᠣᠳᠠᠲᠤ ᠬᠦᠴᠦᠨ ᠢᠶᠠᠨ ᠦᠨᠳᠦᠰᠦᠯᠡᠨ ᠢᠷᠠᠭᠤ ᠠᠯᠳᠠᠷ ᠢ ᠭᠥᠷᠳᠡᠭᠰᠡᠨ ᠪᠥᠭᠡᠳ ᠣᠯᠠᠨ ᠤ ᠨᠤᠲᠠᠯᠠᠯᠲᠠ

ᠪᠠ ᠵᠣᠷᠢᠭᠵᠢᠭᠤᠯᠤᠯ ᠢ ᠣᠯᠤᠭᠰᠠᠨ ᠪᠠᠶᠢᠨ᠎ᠠ᠃

    ᠲᠣᠰ ᠤᠳᠠᠭᠠᠨ ᠤ ︽ᠬᠡᠦᠬᠡᠳ ᠤᠨ ᠦᠯᠢᠭᠡᠷ ᠢᠶᠠᠷ ᠬᠡᠦᠬᠡᠳ ᠤᠨ ᠰᠡᠳᠬᠢᠯ ᠢ ᠤᠮᠳᠠᠯᠠᠵᠤ ᠤᠶᠠᠩᠭᠠᠯᠠᠨ᠂

ᠬᠡᠦᠬᠡᠳ ᠤᠨ ᠦᠯᠢᠭᠡᠷ ᠢᠶᠠᠷ ᠦᠰᠦᠨ ᠪᠤᠶᠢᠵᠢᠬᠤ︾ ᠬᠡᠦᠬᠡᠳ ᠤᠨ ᠶᠠᠷᠢᠶᠠᠲᠤ ᠵᠦᠴᠦᠭᠡ ᠶᠢᠨ ᠲᠣᠭᠯᠠᠯᠲᠠ ᠨᠢ

ᠬᠡᠦᠬᠡᠳ ᠤᠳ ᠲᠤ ᠥᠪᠡᠷ ᠢ ᠪᠠᠨ ᠳᠡᠯᠭᠡᠨ ᠦᠵᠡᠭᠦᠯᠬᠦ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠲᠠᠪᠴᠠᠩ

ᠬᠠᠩᠭᠠᠭᠰᠠᠨ ᠢᠶᠠᠷ ᠪᠠᠷᠠᠬᠤ ᠦᠭᠡᠢ᠂ ᠨᠡᠩ ᠴᠤ ᠲᠡᠳᠡᠨ ᠢ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ ᠦᠭᠡ

ᠬᠡᠯᠡ ᠪᠠᠨ ᠢᠯᠡᠳᠬᠡᠬᠦ ᠴᠢᠳᠠᠪᠤᠷᠢ ᠶᠢ ᠪᠣᠯᠪᠠᠰᠤᠷᠠᠭᠤᠯᠵᠤ᠂ ᠢᠲᠡᠭᠡᠯ ᠵᠣᠷᠢᠭ ᠪᠠ ᠰᠥᠰᠥ ᠵᠣᠷᠢᠭ ᠢ ᠨᠢ ᠬᠥᠮᠥᠵᠢᠭᠦᠯᠵᠡᠢ᠃

ᠡᠭᠦᠨ ᠤ ᠬᠠᠮᠲᠤ᠂ ᠠᠵᠢᠯᠯᠠᠭ᠎ᠠ ᠨᠢ ᠪᠠᠰᠠ ᠬᠡᠦᠬᠡᠳ ᠤᠨ ᠴᠡᠴᠡᠷᠯᠢᠭ ᠤᠨ ᠦᠭᠡ ᠬᠡᠯᠡᠨ ᠤ ᠰᠤᠷᠭᠠᠨ ᠬᠥᠮᠦᠵᠢᠯ ᠤᠨ

ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠡᠦᠬᠡᠳ ᠤᠨ ᠬᠤᠶᠢᠰᠢᠳᠠ ᠶᠢᠨ ᠰᠤᠷᠤᠯᠴᠠᠯᠭ᠎ᠠ ᠪᠠ ᠠᠮᠢᠳᠤᠷᠠᠯ ᠳᠤ

ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2