ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ︽ᠳᠥᠷᠪᠡᠨ ᠱᠤᠭᠤᠮ ᠤᠨ ᠦᠢᠯᠡᠴᠢᠯᠡᠭᠡ︾ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠬᠡᠪᠡ
ᠨᠡᠶᠢᠲᠡᠯᠡᠭᠰᠡᠨ ᠴᠠᠭ᠄
2024/12/26

   ᠡᠨᠡ ᠵᠢᠯ ᠠᠴᠠ ᠨᠠᠰᠢ᠂ ᠮᠠᠨ ᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠰᠢᠨ᠎ᠡ ᠬᠠᠷᠠᠯᠲᠠ ᠪᠠ

ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠬᠤ ᠪᠠᠷ ᠭᠤᠤᠯ ᠰᠢᠵᠢᠮ ᠪᠣᠯᠭᠠᠵᠤ᠂

ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠤᠨ

ᠰᠢᠨ᠎ᠡ ᠭᠤᠤᠯᠳᠠᠯᠭ᠎ᠠ ᠶᠢ ᠴᠢᠷᠮᠠᠶᠢᠨ ᠪᠣᠶ ᠪᠣᠯᠭᠠᠵᠤ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠ ᠬᠠᠤᠯᠢ ᠶᠣᠰᠣᠭᠠᠷ

ᠵᠠᠰᠠᠭ ᠶᠠᠪᠤᠭᠤᠯᠬᠤ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠳᠥᠷᠪᠡᠨ ᠱᠤᠭᠤᠮ︾ ᠢᠶᠠᠷ ᠠᠵᠤ ᠠᠬᠤᠶ ᠶᠢᠨ

ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠪᠠ᠃

    ᠨᠢᠭᠡ ᠳᠤ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠨ᠎ᠠ᠃ ᠵᠠᠰᠠᠭ ᠤᠨ ᠣᠷᠳᠣᠨ ᠤ ᠲᠠᠷᠢᠶᠠᠨ

ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠭᠡᠷ ᠭᠠᠷ

ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠦᠬᠦ

ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ︽ᠬᠤᠶᠠᠷ ᠢ ᠤᠷᠲᠤᠳᠬᠠᠬᠤ︾ ᠶᠢ ᠪᠡᠶᠡᠯᠡᠭᠦᠯᠬᠦ ᠬᠡᠷᠡᠭᠲᠡᠶ᠄ ᠨᠢᠭᠡ ᠳᠤ

ᠬᠥᠳᠡᠭᠡ ᠲᠣᠰᠬᠤᠨ ᠳᠤ ᠬᠦᠷᠲᠡᠯ᠎ᠡ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ︔ ᠬᠤᠶᠠᠷ ᠲᠤ ᠡᠯ᠎ᠡ ᠲᠥᠷᠥᠯ

ᠵᠦᠢᠯ ᠢ ᠬᠡᠷᠡᠭᠵᠢᠭᠦᠯᠬᠦ ᠨᠢᠭᠡᠴᠡ ᠳᠤ ᠬᠦᠷᠲᠡᠯ᠎ᠡ ᠤᠷᠲᠤᠳᠬᠠᠬᠤ ᠬᠡᠷᠡᠭᠲᠡᠶ᠃

    ᠬᠤᠶᠠᠷ ᠲᠤ᠂ ᠬᠥᠭᠵᠢᠯᠲᠡ ᠳᠤ ᠦᠢᠯᠡᠴᠢᠯᠡᠬᠦ ᠭᠤᠣᠯ ᠱᠤᠭᠤᠮ ᠢ ᠪᠠᠲᠤ ᠰᠠᠬᠢᠬᠤ ᠬᠡᠷᠡᠭᠲᠡᠢ᠃ ᠬᠥᠭᠵᠢᠯᠲᠡ ᠪᠠᠷ

ᠥᠪᠡᠷ ᠤᠨ ᠡᠭᠦᠷᠭᠡ ᠪᠠᠨ ᠪᠣᠯᠭᠠᠵᠤ᠂ ᠰᠡᠳᠬᠢᠬᠦᠶ ᠶᠢᠨ ᠲᠣᠭᠲᠠᠮᠠᠯ ᠬᠡᠯᠪᠡᠷᠢ ᠶᠢ ᠡᠪᠳᠡᠵᠦ᠂ ᠣᠷᠣᠨ ᠨᠤᠲᠤᠭ ᠤᠨ ᠠᠵᠤ

ᠠᠬᠤᠶ ᠨᠡᠶᠢᠭᠡᠮ ᠤᠨ ᠬᠥᠭᠵᠢᠯᠲᠡ ᠳᠤ ᠬᠠᠮᠤᠭ ᠤᠨ ᠰᠢᠭᠤᠳ᠂ ᠬᠠᠮᠤᠭ ᠤᠨ ᠪᠦᠲᠦᠮᠵᠢᠲᠡᠶ᠂ ᠬᠠᠮᠤᠭ ᠤᠨ ᠬᠦᠴᠦᠲᠡᠶ

ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ ᠥᠭᠭᠦᠭᠰᠡᠨ ᠪᠠᠶᠢᠨ᠎ᠠ᠃

    ᠭᠤᠷᠪᠠ ᠳᠤ᠂ ᠪᠠᠶᠢᠭᠠᠯᠢ ᠶᠢᠨ ᠡᠬᠢ ᠪᠠᠶᠠᠯᠢᠭ ᠲᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠲᠦᠷᠢᠮ ᠢ ᠪᠠᠲᠤ

ᠰᠠᠬᠢᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠡᠷᠬᠡᠪᠰᠢ ᠤᠯᠤᠰ ᠤᠨ ᠭᠠᠵᠠᠷ ᠰᠢᠷᠣᠶ ᠶᠢᠨ

ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠷᠬᠡᠪᠰᠢ ᠬᠠᠤᠯᠢ ᠶᠢ ᠵᠠᠪᠠᠯ

ᠵᠢᠷᠤᠮᠯᠠᠬᠤ᠂ ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ᠂ ᠬᠠᠤᠯᠢ ᠠᠴᠠ ᠵᠥᠷᠢᠴᠡᠪᠡᠯ ᠵᠠᠪᠠᠯ ᠨᠡᠬᠡᠮᠵᠢᠯᠡᠬᠦ ᠶᠠᠪᠤᠳᠠᠯ ᠢ

ᠢᠮᠠᠭᠲᠠ ᠲᠤᠤᠱᠯᠠᠭᠤᠯᠬᠤ ᠬᠡᠷᠡᠭᠲᠡᠶ᠃

    ᠲᠦᠷᠪᠡ ᠳᠤ᠂ ᠬᠥᠮᠦᠨ ᠢᠶᠠᠷ ᠦᠨᠳᠦᠰᠦ ᠪᠣᠯᠭᠠᠬᠤ ᠰᠠᠭᠤᠷᠢ ᠱᠤᠭᠤᠮ ᠢ ᠪᠠᠲᠤ ᠰᠠᠬᠢᠨ᠎ᠠ᠃ ᠠᠯᠢᠪᠠ ᠪᠦᠬᠦᠨ

ᠴᠥᠮ ᠣᠯᠠᠨ ᠲᠦᠮᠡᠨ ᠤ ᠲᠥᠯᠥᠭᠡ ᠪᠠᠶᠢᠵᠤ᠂ ᠭᠠᠵᠠᠷ ᠰᠢᠷᠣᠶ ᠲᠠᠲᠠᠪᠤᠷᠢᠯᠠᠬᠤ ᠳᠠᠭᠠᠨ ᠭᠠᠵᠠᠷ ᠢᠶᠠᠨ ᠠᠯᠳᠠᠭᠰᠠᠨ

ᠲᠠᠷᠢᠶᠠᠴᠢᠳ ᠤᠨ ᠣᠳᠣᠬᠠᠨ ᠤ ᠠᠮᠢᠳᠤᠷᠠᠯ ᠤᠨ ᠬᠢᠷᠢ ᠬᠡᠮᠵᠢᠶ᠎ᠡ ᠶᠢ ᠳᠣᠷᠣᠭᠰᠢᠯᠠᠭᠤᠯᠬᠤ ᠦᠭᠡᠶ ᠪᠠᠶᠢᠬᠤ ᠶᠢ ᠦᠨᠡᠨᠬᠦ

ᠪᠠᠲᠤᠯᠠᠵᠤ᠂ ᠠᠯᠤᠰ ᠬᠡᠳᠦ ᠶᠢᠨ ᠠᠵᠤ ᠠᠮᠢᠳᠤᠷᠠᠯ ᠨᠢ ᠪᠠᠲᠤᠯᠠᠭ᠎ᠠ ᠲᠠᠢ ᠪᠠᠶᠢᠵᠤ᠂ ᠠᠷᠠᠳ ᠤᠨ ᠠᠮᠢᠳᠤᠷᠠᠯ ᠤᠨ

ᠢᠨᠵᠧᠨᠧᠷᠢᠩ᠂ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠣᠯᠤᠨ ᠲᠠᠷᠢᠶᠠᠴᠢᠳ ᠤᠨ ᠣᠷᠣᠨ

ᠰᠠᠭᠤᠴᠠ ᠳᠤ ᠬᠡᠷᠡᠭᠯᠡᠬᠦ ᠭᠠᠵᠠᠷ ᠢ ᠤᠷᠢᠳᠠᠪᠠᠷ ᠪᠠᠲᠤᠯᠠᠵᠤ᠂ ᠣᠯᠠᠨ ᠲᠦᠮᠡᠨ ᠳᠤ ᠠᠵᠤ ᠦᠢᠯᠡᠳᠪᠦᠷᠢᠵᠢᠯᠲᠡ ᠪᠣᠯᠤᠨ

ᠬᠤᠲᠠ ᠪᠠᠯᠭᠠᠰᠤᠵᠢᠯᠠᠯᠲᠠ ᠶᠢᠨ ᠦᠷ᠎ᠡ ᠪᠦᠲᠦᠭᠡᠯ ᠤᠨ ᠠᠰᠢᠭ ᠲᠤᠰᠠ ᠶᠢ ᠬᠦᠷᠲᠡᠭᠡᠬᠦ ᠬᠡᠷᠡᠭᠲᠡᠶ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2