ᠳ᠋ᠢᠶᠣᠤ ᠴᠦᠨ ᠬᠠᠢ 2024 ᠣᠨ ᠤ 14 ᠳ᠋ᠤᠭᠡᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 12 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/27

    12 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ

ᠰᠢᠶᠠᠨ ᠤ ᠳᠠᠷᠤᠭ᠎ᠠ ᠳ᠋ᠢᠶᠣᠤ ᠴᠦᠨ ᠬᠠᠢ 2024 ᠣᠨ ᠤ 14 ᠳ᠋ᠤᠭᠡᠷ ᠤᠳᠠᠭ᠎ᠠ ᠶᠢᠨ ᠵᠠᠰᠠᠭ ᠤᠨ ᠣᠷᠳᠣᠨ ᠤ

ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 12 ᠳ᠋ᠤᠭᠠᠷ ᠤᠳᠠᠭ᠎ᠠ ᠶᠢᠨ ᠬᠤᠷᠠᠯ ᠢ

ᠡᠷᠬᠢᠯᠡᠨ ᠬᠤᠷᠠᠯᠳᠤᠭᠤᠯᠪᠠ᠃

1735297519916028402.jpg

    ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠲᠥᠪ ᠤᠨ ᠬᠥᠳᠡᠭᠡ

ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ︽ᠨᠠᠮ ᠤᠨ

ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠬᠤ︾᠂ ᠪᠦᠬᠦ ᠤᠯᠤᠰ ᠤᠨ ᠡᠳ᠋ ᠤᠨ ᠵᠠᠰᠠᠭ ᠤᠨ

ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃

    ᠬᠤᠷᠠᠯ ᠠᠴᠠ ︽2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠢᠨᠠᠨ ᠵᠥᠪᠯᠡᠬᠦ ᠨᠣᠤᠷᠠᠭ︶︾᠂

︽ᠬᠤᠸᠠᠳᠧ ᠰᠢᠶᠠᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ

ᠲᠥᠰᠦᠯ ︵ᠬᠢᠨᠠᠨ ᠵᠥᠪᠯᠡᠬᠦ ᠨᠣᠤᠷᠠᠭ︶︾ ᠢ ᠬᠢᠨᠠᠨ ᠵᠥᠪᠯᠡᠪᠡ︔ 2024 ᠣᠨ ᠤ ᠪᠥᠬᠦ ᠰᠢᠶᠠᠨ ᠤ ᠠᠶᠤᠯᠭᠦᠢ

ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠬᠠᠤᠯᠢ ᠪᠠᠷ ᠵᠠᠰᠠᠬᠤ

ᠵᠠᠰᠠᠭ ᠤᠨ ᠣᠷᠳᠣᠨ ᠤ ᠪᠠᠶᠢᠭᠤᠯᠤᠯᠲᠠ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠠᠵᠢᠯ ᠤᠨ ᠪᠠᠶᠢᠳᠠᠯ ᠤᠨ

ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ 2025 ᠣᠨ ᠤ ᠠᠵᠢᠯ ᠢ ᠪᠠᠶᠢᠷᠢᠯᠠᠭᠤᠯᠪᠠ᠃

    ᠬᠤᠷᠠᠯ ᠠᠴᠠ᠂ ᠢᠯᠡᠳᠬᠡᠯ ᠢ ᠲᠤᠭᠤᠷᠪᠢᠨ ᠪᠢᠴᠢᠬᠦ ᠳᠤᠭᠤᠶᠢᠯᠠᠩ ᠤᠨ ᠬᠢᠨ ᠲᠤᠰ ᠤᠳᠠᠭ᠎ᠠ ᠶᠢᠨ ᠬᠤᠷᠠᠯ ᠤᠨ

ᠶᠠᠷᠢᠯᠴᠠᠬᠤ ᠰᠠᠨᠠᠯ ᠪᠣᠯᠣᠨ ᠰᠠᠯᠠᠭ᠎ᠠ ᠮᠥᠴᠢᠷ ᠤᠨ ᠳᠤᠷᠠᠳᠤᠭᠰᠠᠨ ᠰᠠᠨᠠᠯ ᠰᠠᠨᠠᠭᠤᠯᠭ᠎ᠠ ᠲᠠᠢ ᠤᠶᠠᠯᠳᠤᠭᠤᠯᠵᠤ᠂

ᠢᠯᠡᠳᠬᠡᠯ ᠳᠤ ᠴᠢᠨᠠᠭᠰᠢᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠭᠤᠯᠭ᠎ᠠ ᠨᠢ ᠨᠠᠷᠢᠨ ᠪᠣᠳᠠᠲᠠᠢ᠂ ᠲᠤᠭ᠎ᠠ

ᠪᠠᠷᠢᠮᠲᠠ ᠨᠢ ᠣᠨᠣᠪᠴᠢᠲᠠᠢ᠂ ᠬᠠᠷᠠᠯᠲᠠ ᠨᠢ ᠲᠣᠳᠣᠷᠬᠠᠢ ᠪᠠᠶᠢᠬᠤ ᠶᠢ ᠪᠠᠲᠤᠯᠠᠬᠤ ᠬᠡᠷᠡᠭᠲᠡᠢ᠃ 2024 ᠣᠨ ᠤ

ᠠᠵᠢᠯ ᠢ ᠰᠢᠰᠲ᠋ᠧᠮ ᠲᠠᠢ ᠳ᠋ᠦᠩᠨᠡᠵᠦ᠂ ᠡᠨᠡ ᠵᠢᠯ ᠠᠴᠠ ᠨᠠᠰᠢᠬᠢ ᠡᠯ᠎ᠡ ᠵᠦᠢᠯ ᠤᠨ ᠠᠵᠢᠯ ᠤᠨ ᠣᠯᠤᠭᠰᠠᠨ ᠦᠷ᠎ᠡ

ᠪᠦᠲᠦᠮᠵᠢ᠂ ᠬᠢᠯᠠᠰ ᠴᠡᠭ ᠵᠢᠴᠢ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠤᠨ ᠲᠥᠯᠥᠪᠵᠢᠭᠦᠯᠭᠡ

ᠵᠡᠷᠭᠡ ᠶᠢ ᠪᠦᠬᠦ ᠲᠠᠯ᠎ᠠ ᠪᠠᠷ ᠢᠯᠡᠷᠡᠭᠦᠯᠵᠦ᠂ ᠢᠲᠡᠭᠡᠯ ᠵᠣᠷᠢᠭ ᠢ ᠬᠥᠪᠴᠢᠯᠡᠭᠰᠡᠨ᠂ ᠬᠥᠮᠦᠰ ᠤᠨ ᠰᠡᠳᠬᠢᠯ ᠢ

ᠨᠢᠭᠲᠠᠷᠠᠭᠤᠯᠤᠭᠰᠠᠨ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠴᠢᠨᠠᠷ ᠰᠠᠶᠢᠲᠠᠢ ︽ᠵᠠᠰᠠᠭ ᠤᠨ ᠣᠷᠳᠣᠨ ᠤ

ᠠᠵᠢᠯ ᠤᠨ ᠢᠯᠡᠳᠬᠡᠯ︾ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃

    ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂

︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂

ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ

ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ

ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ

ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠦᠷᠦᠭᠦᠯᠡᠨ ᠬᠠᠤᠯᠢ ᠶᠢ ᠬᠦᠨᠳᠦᠳᠬᠡᠬᠦ ᠬᠠᠤᠯᠢ ᠶᠢ

ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠬᠡᠷᠡᠭᠲᠡᠢ᠂ ᠬᠠᠤᠯᠢᠵᠢᠯ ᠤᠨ ᠣᠶᠢᠯᠠᠭᠠᠭᠳᠠᠬᠤᠨ ᠢ ᠵᠠᠰᠠᠭ ᠤᠨ

ᠣᠷᠳᠣᠨ ᠤ ᠠᠵᠢᠯ ᠤᠨ ᠡᠯ᠎ᠡ ᠬᠦᠷᠢᠶᠡᠨ ᠤ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠬᠤᠳᠠᠯᠳᠤᠭ᠎ᠠ

ᠡᠷᠬᠢᠯᠡᠬᠦ ᠣᠷᠴᠢᠨ ᠨᠥᠬᠦᠴᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 12345 ᠬᠠᠯᠠᠮᠰᠢᠯ

ᠤᠲᠠᠰᠤ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ

ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠷᠢᠯᠴᠠᠨ ᠬᠠᠮᠵᠢᠯᠴᠠᠵᠤ᠂ ᠳᠠᠭᠠᠭᠠᠨ ᠡᠷᠬᠢᠯᠡᠬᠦ ᠦᠷ᠎ᠡ

ᠪᠦᠲᠦᠮᠵᠢ ᠪᠠ ᠶᠠᠰᠤ ᠴᠢᠨᠠᠷ ᠢᠶᠠᠨ ᠦᠨᠡᠨ ᠬᠦ ᠳᠡᠭᠡᠭᠰᠢᠯᠡᠭᠦᠯᠵᠦ᠂ ᠬᠠᠯᠠᠮᠰᠢᠯ ᠤᠲᠠᠰᠤ ᠶᠢᠨ ᠴᠤᠤᠷᠢᠶᠠᠲᠤᠬᠤ ᠨᠤᠷᠮ᠎ᠠ᠂

ᠤᠴᠢᠷ ᠶᠠᠪᠤᠳᠠᠯ ᠢ ᠰᠢᠢᠳᠪᠦᠷᠢᠯᠡᠵᠦ ᠳᠠᠭᠤᠰᠬᠠᠬᠤ ᠨᠤᠷᠮ᠎ᠠ᠂ ᠤᠯᠠᠨ ᠲᠦᠮᠡᠨ ᠤ ᠬᠠᠨᠤᠮᠵᠢ ᠶᠢᠨ ᠨᠤᠷᠮ᠎ᠠ ᠶᠢ ᠪᠦᠬᠦ

ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ

ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃

    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2