ᠬᠤᠸᠠᠳᠧ ᠰᠢᠶᠠᠨ ᠤ ᠣᠯᠠᠨ ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠳᠤᠮᠳᠠᠳᠤ ᠤᠯᠤᠰ ᠤᠨ ᠨᠠᠰᠤᠲᠠᠶᠢᠴᠤᠳ ᠤᠨ ᠤᠷᠠᠯᠢᠭ ᠤᠨ ᠪᠦᠯᠬᠦᠮ ᠤᠨ ᠵᠢᠯ ᠠᠯᠤᠰᠯᠠᠭᠰᠠᠨ ᠦᠪᠡᠳᠡᠭᠰᠢ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/12/3

    ᠰᠠᠶᠢᠬᠠᠨ᠂ ᠬᠢᠲᠠᠳ ᠤᠨ ᠥᠨᠳᠥᠷ ᠨᠠᠰᠤᠲᠠᠢᠴᠤᠳ ᠤᠨ ᠤᠷᠠᠯᠢᠭ ᠤᠨ ᠬᠠᠮᠲᠤᠯᠢᠭ ᠤᠨ ᠵᠢᠯ ᠠᠯᠤᠰᠯᠠᠭᠰᠠᠨ

ᠶᠣᠰᠣᠯᠠᠯ ᠪᠡᠭᠡᠵᠢᠩ ᠤᠨ ᠬᠤᠸᠠᠩ ᠵᠢᠶᠠ ᠤᠷᠠᠯᠢᠭ ᠤᠨ ᠲᠥᠪ ᠲᠤ ᠶᠣᠰᠣᠯᠠᠯ ᠲᠡᠭᠦᠯᠳᠡᠷ ᠡᠬᠢᠯᠡᠪᠡ᠃ ᠬᠤᠸᠠᠳᠧ

ᠰᠢᠶᠠᠨ ᠤ ᠣᠯᠠᠨ ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠲᠡᠳᠡᠨ ᠤ ᠥᠪᠡᠷᠮᠢᠴᠡ ᠭᠠᠵᠠᠷ ᠣᠷᠣᠨ ᠪᠠ

ᠦᠨᠳᠦᠰᠦᠲᠡᠨ ᠤ ᠣᠨᠴᠠᠯᠢᠭ ᠢᠶᠠᠷ ᠢᠶᠠᠨ ᠲᠣᠭᠯᠠᠯᠲᠠ ᠳᠤ ᠣᠷᠣᠯᠴᠠᠵᠤ᠂ ᠦᠪᠡᠳᠡᠭᠰᠢ ᠶᠣᠰᠣᠯᠠᠯ ᠳᠤ ᠥᠩᠭᠡ

ᠭᠢᠯᠪᠠᠭ᠎ᠠ ᠨᠡᠮᠡᠷᠢᠯᠡᠵᠦ᠂ ᠲᠤᠬᠠᠶ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠪᠠ ᠮᠠᠭᠲᠠᠭᠠᠯ

ᠰᠠᠶᠢᠰᠢᠶᠠᠯ ᠢ ᠣᠯᠪᠠ᠃

图片2.png

    ︽ᠢᠰᠭᠢᠷᠠᠭ᠎ᠠ ᠢᠰᠬᠡᠷᠦᠯ ᠤᠨ ᠪᠦᠯᠦᠭ︾ ᠤᠨ ᠭᠤᠣᠯ ᠪᠦᠷᠢᠯᠳᠦᠬᠦᠨ ᠡᠭᠡᠯ ᠵᠢᠲᠦ ᠴᠡᠷᠢᠭ ︽ᠴᠢᠮ᠎ᠠ ᠲᠠᠢ ᠬᠠᠮᠲᠤ

ᠲᠠᠯ᠎ᠠ ᠨᠤᠲᠤᠭ ᠢ ᠦᠵᠡᠪᠡ︾ ᠭᠡᠬᠦ ᠶᠠᠷᠢᠶᠠᠲᠤ ᠵᠦᠴᠦᠭᠡ ᠨᠢ ᠬᠥᠮᠦᠰ ᠤᠨ ᠠᠩᠬᠠᠷᠤᠯ ᠢ ᠨᠡᠩ ᠢᠯᠡᠭᠦᠦ ᠲᠠᠲᠠᠵᠤ

ᠪᠠᠢᠨ᠎ᠠ᠃ ᠲᠡᠭᠦᠨ ᠤ ᠡᠶᠡᠯᠳᠡᠭ ᠵᠥᠭᠡᠯᠡᠨ ᠱᠦᠭᠯᠦ ᠦᠯᠢᠶᠡᠵᠦ᠂ ᠲᠠᠯ᠎ᠠ ᠨᠤᠲᠤᠭ ᠤᠨ ᠰᠣᠶᠣᠯ ᠤᠨ ᠡᠯᠧᠮᠧᠨ᠋ᠲ ᠢ

ᠤᠷᠠᠨ ᠢᠶᠠᠷ ᠠᠭᠤᠰᠬᠠᠨ᠂ ᠦᠵᠡᠭᠴᠢᠳ ᠤᠨ ᠬᠠᠮᠲᠤ ᠶᠢᠨ ᠴᠤᠤᠷᠢᠶ᠎ᠠ ᠶᠢ ᠭᠦᠨ ᠴᠤᠤᠷᠢᠶᠠᠲᠤᠭᠤᠯᠪᠠ᠂ ᠭᠡᠲᠡᠯ᠎ᠡ

︽ᠪᠥᠵᠢᠭ ᠤᠨ ᠠᠶᠠᠯᠭᠤ︾ ᠪᠥᠵᠢᠭ ᠤᠨ ᠠᠩᠭᠢ ᠶᠢᠨ ᠪᠥᠵᠢᠭ ᠤᠨ ᠲᠣᠭᠯᠠᠯᠲᠠ ᠨᠢ ᠠᠳᠠᠯᠢᠬᠠᠨ ᠢᠶᠠᠷ ᠥᠴᠦᠬᠡᠨ ᠴᠦ

ᠪᠠᠭᠤᠷᠠᠰᠢ ᠦᠭᠡᠢ ᠪᠠᠶᠢᠵᠤ᠂ ᠲᠡᠳᠡᠨ ᠤ ᠪᠡᠶ᠎ᠡ ᠳᠡᠭᠡᠷᠡᠬᠢ ᠤᠯᠠᠮᠵᠢᠯᠠᠯᠲᠤ ᠬᠤᠪᠴᠠᠰᠤ ᠵᠠᠰᠠᠯ ᠨᠢ ᠤᠶᠠᠨ ᠬᠠᠲᠠᠨ

ᠪᠠᠶᠢᠵᠤ᠂ ᠲᠠᠯ᠎ᠠ ᠨᠤᠲᠤᠭ ᠤᠨ ᠵᠠᠩ ᠦᠢᠯᠡ ᠶᠢ ᠪᠦᠷᠢᠨ ᠭᠦᠢᠴᠡᠳ ᠢᠯᠡᠷᠡᠭᠦᠯᠵᠦ᠂ ᠦᠵᠡᠭᠴᠢᠳ ᠢ ᠶᠠᠭ ᠲᠡᠷᠡ

ᠥᠷᠭᠡᠨ ᠠᠭᠤᠳᠠᠮ ᠲᠠᠯ᠎ᠠ ᠨᠤᠲᠤᠭ ᠲᠤ ᠲᠠᠯᠪᠢᠭᠰᠠᠨ ᠰᠢᠭ᠋ ᠰᠠᠨᠠᠭᠳᠠᠨ᠎ᠠ᠃

    ᠡᠭᠡᠯ ᠵᠢᠷ ᠤᠨ ᠴᠡᠷᠢᠭ ᠥᠪᠡᠷ ᠤᠨ ᠭᠠᠷᠮᠠᠭᠠᠢ ᠲᠣᠭᠯᠠᠯᠲᠠ ᠪᠠᠨ ᠦᠨᠳᠦᠰᠦᠯᠡᠨ᠂ ᠤᠷᠠᠯᠢᠭ ᠤᠨ ᠪᠦᠯᠬᠦᠮ ᠢᠶᠠᠷ

ᠵᠢᠩᠬᠢᠨᠢ ᠡᠪᠯᠡᠯ ᠤᠨ ᠭᠡᠱᠢᠭᠦᠨ ᠪᠣᠯᠭᠠᠭᠰᠠᠨ ᠢᠶᠠᠷ ᠪᠠᠷᠠᠬᠤ ᠦᠭᠡᠢ᠂ ᠡᠨᠡ ᠨᠢ ᠲᠡᠭᠦᠨ ᠤ ᠬᠤᠪᠢ ᠬᠥᠮᠦᠨ ᠤ

ᠤᠷᠠᠯᠢᠭ ᠤᠨ ᠠᠪᠢᠶᠠᠰ ᠴᠢᠳᠠᠪᠤᠷᠢ ᠶᠢ ᠮᠡᠳᠡᠷᠡᠭᠰᠡᠨ ᠢᠶᠠᠷ ᠪᠠᠷᠠᠬᠤ ᠦᠭᠡᠢ᠂ ᠪᠠᠰᠠ ᠠᠮᠠᠨ ᠤ ᠬᠠᠷᠠᠭᠤᠯ ᠤᠨ

ᠤᠷᠠᠯᠢᠭ ᠤᠨ ᠤᠯᠠᠮᠵᠢᠯᠠᠯ ᠪᠠ ᠱᠢᠨ᠎ᠡ ᠶᠢ ᠡᠭᠦᠳᠬᠦ ᠳᠤ ᠨᠡᠩ ᠥᠷᠭᠡᠨ ᠠᠭᠤᠳᠠᠮ ᠲᠠᠪᠴᠠᠩ ᠬᠠᠩᠭᠠᠭᠰᠠᠨ ᠪᠠᠢᠨ᠎ᠠ᠃

    ᠬᠤᠸᠠᠳᠧ ᠰᠢᠶᠠᠨ ᠤ ᠤᠳᠬ᠎ᠠ ᠤᠷᠠᠯᠢᠭ ᠤᠨ ᠳᠤᠷ᠎ᠠ ᠪᠠᠭ᠋ᠠᠲᠠᠶ ᠬᠥᠮᠦᠰ ᠲᠣᠰ ᠤᠳᠠᠭᠠᠨ ᠤ ᠦᠪᠡᠳᠡᠭᠰᠢ

ᠶᠣᠰᠣᠯᠠᠯ ᠳᠡᠭᠡᠷᠡᠬᠢ ᠭᠠᠷᠮᠠᠭᠠᠶ ᠢᠯᠡᠷᠡᠯ ᠨᠢ ᠨᠢᠭᠡ ᠰᠥᠨᠢ ᠨᠢᠭᠡ ᠨᠠᠰᠤᠨ ᠤ ᠭᠠᠪᠢᠶ᠎ᠠ ᠪᠢᠰᠢ ᠶᠤᠮ᠃ ᠣᠶᠢᠷ᠎ᠠ ᠶᠢᠨ

ᠵᠢᠯ ᠳᠤ᠂ ᠮᠠᠨ ᠤ ᠰᠢᠶᠠᠨ ᠠᠷᠠᠳ ᠤᠨ ᠤᠷᠠᠯᠢᠭ ᠤᠨ ᠤᠯᠠᠮᠵᠢᠯᠠᠯ ᠪᠠ ᠬᠥᠭᠵᠢᠯᠲᠡ ᠶᠢ ᠮᠠᠰᠢ ᠴᠢᠬᠤᠯᠠᠴᠢᠯᠠᠵᠤ᠂

ᠤᠷᠠᠯᠢᠭ ᠤᠨ ᠴᠢᠳᠠᠪᠤᠷᠢᠲᠠᠨ ᠤ ᠦᠰᠦᠨ ᠪᠤᠶᠢᠵᠢᠯᠲᠠ ᠳᠤ ᠥᠩ ᠰᠢᠮᠡᠯᠢᠭ ᠬᠥᠷᠥᠰᠥ ᠰᠢᠷᠣᠶ ᠬᠠᠩᠭᠠᠪᠠ᠃ ᠡᠳᠡᠭᠡᠷ

ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠥᠪᠡᠷ ᠤᠨ ᠨᠤᠲᠤᠭ ᠤᠰᠤᠨ ᠳᠠᠭᠠᠨ ᠦᠨᠳᠦᠰᠦᠯᠡᠵᠦ᠂ ᠨᠢᠭᠡ

ᠰᠡᠳᠬᠢᠯ ᠢᠶᠠᠷ ᠤᠷ᠎ᠠ ᠮᠡᠷᠭᠡᠵᠢᠯ ᠢᠶᠠᠨ ᠰᠤᠳᠤᠯᠵᠤ᠂ ᠡᠴᠦᠰ ᠲᠡᠭᠡᠨ ᠤᠯᠤᠰ ᠤᠨ ᠲᠡᠰ ᠤᠨ ᠲᠠᠪᠴᠠᠩ ᠳᠡᠭᠡᠷ᠎ᠡ ᠭᠡᠷᠡᠯ

ᠭᠢᠯᠪᠠᠭ᠎ᠠ ᠪᠠᠨ ᠰᠠᠴᠤᠷᠠᠭᠤᠯᠤᠨ᠎ᠠ᠃ ᠲᠡᠳᠡᠨ ᠤ ᠬᠤᠪᠢ ᠬᠥᠮᠦᠨ ᠤ ᠤᠷᠠᠯᠢᠭ ᠤᠨ ᠬᠥᠭᠡᠭᠡᠴᠡᠯᠳᠦᠯ ᠢ

ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠮᠠᠨ ᠤ ᠰᠢᠶᠠᠨ ᠤ ᠭᠦᠨ ᠵᠤᠵᠠᠭᠠᠨ ᠰᠣᠶᠣᠯ ᠤᠨ ᠰᠠᠭᠤᠷᠢ ᠳᠤ

︽ᠭᠠᠳᠠᠭᠰᠢ ᠭᠠᠷᠬᠤ︾ ᠳᠤ ᠬᠤᠪᠢ ᠨᠡᠮᠡᠷᠢ ᠦᠵᠡᠭᠦᠯᠵᠦ᠂ ᠣᠷᠣᠨ ᠨᠤᠲᠤᠭ ᠤᠨ ᠰᠣᠶᠣᠯ ᠤᠨ ᠴᠡᠴᠡᠭᠯᠡᠨ ᠬᠥᠭᠵᠢᠬᠦ ᠶᠢ

ᠠᠬᠢᠭᠤᠯᠵᠤ᠂ ᠣᠷᠣᠨ ᠪᠦᠰᠡ ᠠᠯᠤᠰᠯᠠᠭᠰᠠᠨ ᠰᠣᠶᠣᠯ ᠤᠨ ᠰᠣᠯᠢᠯᠴᠠᠭ᠎ᠠ ᠶᠢ ᠠᠬᠢᠭᠤᠯᠤᠭᠰᠠᠨ ᠪᠠᠶᠢᠨ᠎ᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2